ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/21

     10 ᠰᠠᠷ᠎ᠠ ᠶᠢᠨ 18᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠭᠦᠤ ᠭᠤᠷᠪᠠᠨ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠪᠠ᠃
     ᠬᠤᠷᠠᠯ ᠠᠴᠠ᠂ ᠡᠨᠡ ᠵᠢᠯ ᠠᠴᠠ ᠨᠠᠭᠠᠰᠢ᠂ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠢᠳᠡᠪᠬᠢᠲᠡᠢ ᠦᠷ᠎ᠡ ᠪᠦᠲᠦᠭᠡᠯ ᠣᠯᠪᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠤᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠣᠤᠷ᠎ᠠ᠂ ᠨᠠᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠬᠦᠯ ᠬᠤᠷᠢᠶᠠᠬᠤ ᠶᠢ ᠪᠡᠶᠡᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃
     ᠬᠤᠷᠠᠯ ᠠᠴᠠ᠂ ᠲᠥᠪ ᠠᠴᠠ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠦᠴᠦᠲᠡᠶ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠳᠡᠢ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠦ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠ ᠪᠠᠭ᠎ᠠ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠬᠦ ᠶᠢ ᠦᠨᠡᠨ ᠬᠦ ᠪᠠᠲᠤᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠢᠮᠠᠭᠲᠠ ᠳᠡᠭᠡᠳᠤ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ᠂ ᠳᠤᠳᠤᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠳᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠪᠣᠯᠤᠨ ︽ᠲᠠᠪᠤᠨ ᠪᠠᠶᠢᠬᠤ ᠭᠤᠷᠪᠠ ᠶᠢ ᠴᠢᠩᠳᠠᠯᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠪᠦᠬᠦ ᠵᠢᠯ ᠤᠨ ᠬᠠᠷᠠᠯᠲᠠ ᠡᠭᠦᠷᠭᠡ ᠪᠠᠷ ᠪᠠᠷᠢᠮᠵᠢᠶ᠎ᠠ ᠪᠣᠯᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠪᠠᠷ ᠪᠠᠷᠢᠮᠵᠢᠶ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠪᠠᠷᠢᠮᠵᠢᠶ᠎ᠠ ᠪᠣᠯᠭᠠᠵᠤ᠂ ᠳᠡᠭᠡᠳᠤ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠪᠠᠳᠤ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠴᠢᠨᠠᠷ ᠰᠠᠶᠢᠲᠠᠶ ᠬᠢᠬᠦ ᠬᠡᠷᠡᠭᠳᠠᠢ ᠭᠡᠵᠤ ᠴᠢᠬᠤᠯᠠᠴᠢᠯᠠᠵᠠᠢ᠃
     ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ᠂ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠦᠯ ᠵᠡᠷᠭᠡ ᠵᠦᠢᠯᠡᠰ ᠢ ᠰᠤᠳᠤᠯᠵᠠᠶ᠃ ᠬᠤᠷᠠᠯ ᠠᠴᠠ᠂ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠭᠠᠳᠠᠭᠠᠳᠤ ᠨᠡᠭᠡᠭᠡᠯᠲᠡ ᠶᠢ ᠤᠯᠠᠮ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠶ ᠠᠭᠤᠰᠤᠯᠴᠠᠬᠤ᠂ ᠥᠨᠳᠥᠷ ᠲᠦᠪᠰᠢᠨ ᠲᠠᠢ ᠨᠡᠭᠡᠭᠡᠯᠳᠡᠳᠤ ᠮᠠᠶ᠋ᠢᠭ ᠤᠨ ᠠᠵᠤ ᠠᠬᠤᠶ ᠶᠢ ᠪᠦᠲᠦᠭᠡᠨ ᠪᠠᠶᠢᠭᠤᠯᠬᠤ ᠪᠣᠳᠠᠲᠤ ᠬᠡᠷᠡᠭᠴᠡᠭᠡ ᠪᠣᠯᠤᠨ᠎ᠠ᠂ ᠠᠷᠠᠯᠵᠢᠶᠠᠨ ᠤ ᠰᠢᠨ᠎ᠠ ᠡᠵᠡᠩᠨᠡᠯᠳᠡ ᠶᠢᠨ ᠬᠡᠯᠪᠡᠷᠢ᠂ ᠰᠢᠨ᠎ᠠ ᠵᠠᠭᠪᠤᠷ ᠢ ᠲᠦᠷᠭᠡᠨ ᠪᠤᠶᠢᠵᠢᠭᠤᠯᠵᠤ᠂ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠤᠯᠭᠠᠵᠦ᠂ ᠮᠠᠨ ᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠠᠢ︔ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠳᠠᠢ᠂ ᠪᠣᠬᠢᠷᠲᠤᠯ ᠦᠭᠡᠶ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠳᠬᠡᠨ ᠪᠦᠷᠢᠯᠳᠦᠭᠦᠯᠵᠦ᠂ ᠮᠠᠨ ᠤ ᠣᠷᠣᠨ ᠤ ᠴᠢᠨᠠᠷ ᠰᠠᠶᠢᠲᠠᠶ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠳᠠᠢ︔ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠡᠭᠦᠷᠭᠡ ᠪᠣᠯᠭᠠᠵᠤ᠂ ᠡᠯᠧᠺᠲᠷᠣᠨ ᠵᠠᠰᠠᠭ ᠤᠨ ᠶᠠᠪᠤᠳᠠᠯ ᠢᠶᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠨᠡᠩ ᠰᠢᠨᠵᠢᠯᠡᠬᠦ ᠤᠬᠠᠭᠠᠨᠴᠢ ᠪᠤᠯᠬᠤ᠂ ᠨᠡᠶᠢᠭᠡᠮ ᠤᠨ ᠵᠠᠰᠠᠯᠲᠠ ᠨᠡᠩ ᠨᠠᠷᠢᠯᠢᠭ ᠪᠤᠯᠬᠤ᠂ ᠤᠯᠠᠨ ᠨᠡᠶᠢᠲᠡ ᠶᠢᠨ ᠦᠢᠯᠡᠴᠢᠯᠡᠭᠡᠨ ᠨᠡᠩ ᠥᠨᠳᠥᠷ ᠪᠦᠲᠦᠮᠵᠢᠳᠠᠢ ᠪᠤᠯᠬᠤ ᠶᠢ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ