ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/21
     10 ᠰᠠᠷ᠎ᠠ ᠶᠢᠨ 18 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠭᠦᠤ ᠭᠤᠷᠪᠠᠨ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ  ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠢᠳᠡᠪᠬᠢᠲᠡᠢ ᠦᠷ᠎ᠡ ᠪᠦᠲᠦᠭᠡᠯ ᠣᠯᠪᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠤᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠣᠤᠷ᠎ᠠ᠂ ᠨᠠᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠬᠦᠯ ᠬᠤᠷᠢᠶᠠᠬᠤ ᠶᠢ ᠪᠡᠶᠡᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠲᠥᠪ ᠠᠴᠠ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠦᠴᠦᠲᠡᠶ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠳᠡᠢ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠦ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠ ᠪᠠᠭ᠎ᠠ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ  ᠢ ᠰᠠᠶᠢᠲᠤᠷ ᠠᠳᠬᠤᠵᠤ᠂ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠬᠦ ᠶᠢ ᠦᠨᠡᠨ ᠬᠦ ᠪᠠᠲᠤᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠢᠮᠠᠭᠲᠠ ᠳᠡᠭᠡᠳᠤ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ᠂ ᠳᠤᠳᠤᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠳᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠪᠣᠯᠤᠨ ︽ᠲᠠᠪᠤᠨ ᠪᠠᠶᠢᠬᠤ ᠭᠤᠷᠪᠠ ᠶᠢ ᠴᠢᠩᠳᠠᠯᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ᠃ ᠪᠦᠬᠦ ᠵᠢᠯ ᠤᠨ ᠬᠠᠷᠠᠯᠲᠠ ᠡᠭᠦᠷᠭᠡ ᠪᠠᠷ ᠪᠠᠷᠢᠮᠵᠢᠶ᠎ᠠ ᠪᠣᠯᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠠᠷ ᠪᠠᠷᠢᠮᠵᠢᠶ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠪᠠᠷᠢᠮᠵᠢᠶ᠎ᠠ ᠪᠣᠯᠭᠠᠵᠤ᠂ ᠳᠡᠭᠡᠳᠤ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠪᠠᠳᠤ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠬᠢᠵᠦ᠂ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠴᠢᠨᠠᠷ ᠰᠠᠶᠢᠲᠠᠶ ᠬᠢᠬᠦ ᠬᠡᠷᠡᠭᠳᠠᠢ ᠭᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ᠂ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠦᠯ ᠵᠡᠷᠭᠡ ᠵᠦᠢᠯᠡᠰ ᠢ ᠰᠤᠳᠤᠯᠵᠠᠶ᠃ ᠬᠤᠷᠠᠯ ᠠᠴᠠ᠂ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠭᠠᠳᠠᠭᠠᠳᠤ ᠨᠡᠭᠡᠭᠡᠯᠲᠡ ᠶᠢ ᠤᠯᠠᠮ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠶ ᠠᠭᠤᠰᠤᠯᠴᠠᠬᠤ᠂ ᠥᠨᠳᠥᠷ ᠲᠦᠪᠰᠢᠨ ᠲᠠᠢ ᠨᠡᠭᠡᠭᠡᠯᠳᠡᠳᠤ ᠮᠠᠶ᠋ᠢᠭ ᠤᠨ ᠠᠵᠤ ᠠᠬᠤᠶ ᠶᠢ ᠪᠦᠲᠦᠭᠡᠨ ᠪᠠᠶᠢᠭᠤᠯᠬᠤ ᠪᠣᠳᠠᠲᠤ ᠬᠡᠷᠡᠭᠴᠡᠭᠡ ᠪᠣᠯᠤᠨ᠎ᠠ᠂ ᠠᠷᠠᠯᠵᠢᠶᠠᠨ ᠤ ᠰᠢᠨ᠎ᠠ ᠡᠵᠡᠩᠨᠡᠯᠳᠡ ᠶᠢᠨ ᠬᠡᠯᠪᠡᠷᠢ᠂ ᠰᠢᠨ᠎ᠠ ᠵᠠᠭᠪᠤᠷ ᠢ ᠲᠦᠷᠭᠡᠨ ᠪᠤᠶᠢᠵᠢᠭᠤᠯᠵᠤ᠂ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠤᠯᠭᠠᠵᠦ᠂ ᠮᠠᠨ ᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠠᠢ︔ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠳᠠᠢ᠂ ᠪᠣᠬᠢᠷᠲᠤᠯ ᠦᠭᠡᠶ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠳᠬᠡᠨ ᠪᠦᠷᠢᠯᠳᠦᠭᠦᠯᠵᠦ᠂ ᠮᠠᠨ ᠤ ᠣᠷᠣᠨ ᠤ ᠴᠢᠨᠠᠷ ᠰᠠᠶᠢᠲᠠᠶ ᠵᠠᠮ ᠬᠠᠷᠢᠯᠴᠠᠭᠠᠨ ᠤ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠳᠠᠢ︔ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠡᠭᠦᠷᠭᠡ ᠪᠣᠯᠭᠠᠵᠤ᠂ ᠡᠯᠧᠺᠲᠷᠣᠨ ᠵᠠᠰᠠᠭ ᠤᠨ ᠶᠠᠪᠤᠳᠠᠯ ᠢᠶᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠨᠡᠩ ᠰᠢᠨᠵᠢᠯᠡᠬᠦ ᠤᠬᠠᠭᠠᠨᠴᠢ ᠪᠤᠯᠬᠤ᠂ ᠨᠡᠶᠢᠭᠡᠮ ᠤᠨ ᠵᠠᠰᠠᠯᠲᠠ ᠨᠡᠩ ᠨᠠᠷᠢᠯᠢᠭ ᠪᠤᠯᠬᠤ᠂ ᠤᠯᠠᠨ ᠨᠡᠶᠢᠲᠡ ᠶᠢᠨ ᠦᠢᠯᠡᠴᠢᠯᠡᠭᠡᠨ ᠨᠡᠩ ᠥᠨᠳᠥᠷ ᠪᠦᠲᠦᠮᠵᠢᠳᠠᠢ ᠪᠤᠯᠬᠤ ᠶᠢ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号