ᠤᠯᠠᠭᠠᠨᠬᠠᠳᠠ ᠬᠤᠲᠠ ᠳᠠᠬᠢᠨᠲᠠ ︽ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ︾ ᠶᠢᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2020/10/21

     10 ᠳ᠋ᠤᠭᠠᠷ ᠰᠠᠷ᠎ᠠ ᠶᠢᠨ 20 ᠤ ᠡᠳᠦᠷ᠂ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠤᠯᠠᠭᠠᠨᠬᠠᠳᠠ ᠬᠤᠲᠠ ᠳᠠᠬᠢᠨᠲᠠ ︽ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ︾ ᠶᠢᠨ ᠴᠣᠯᠠ ᠶᠢ ᠭᠥᠷᠳᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠰᠢᠶᠣᠤ ᠳ᠋ᠦᠩ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠸᠠᠩ ᠬᠤᠩ ᠭᠠᠩ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠱᠠᠩᠨᠠᠯ ᠣᠯᠭᠤᠬᠤ ᠶᠣᠰᠣᠯᠠᠯ ᠳᠤ ᠣᠷᠣᠯᠴᠠᠵᠤ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠶᠢᠨ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃
     ᠣᠳᠣᠬᠠᠨ ᠪᠣᠯᠲᠠᠯ᠎ᠠ᠂ ᠤᠯᠠᠭᠠᠨᠬᠠᠳᠠ ᠬᠤᠳᠠ ᠨᠢᠭᠡᠨᠲᠡ ᠶᠢᠰᠦ ᠤᠳᠠᠭ᠎ᠠ ᠳᠠᠷᠠᠭᠠᠯᠠᠨ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠪᠠᠷ ᠦᠨᠡᠯᠡᠭᠳᠡᠪᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠤᠶᠠᠷ ᠢ ᠬᠦᠷᠢᠶᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠢ ᠬᠦᠷᠢᠶᠡᠯᠡᠬᠦ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠲᠤ ᠣᠷᠣᠭᠤᠯᠣᠨ᠂ ᠨᠠᠮ ᠤᠨ ᠬᠤᠷᠢᠶᠠᠨ ᠤ ᠴᠡᠷᠢᠭ ᠤᠨ ᠬᠡᠷᠡᠭ ᠶᠠᠪᠤᠳᠠᠯ ᠢ ᠵᠥᠪᠯᠡᠬᠦ ᠬᠤᠷᠠᠯ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠤᠯᠠᠭᠠᠨᠬᠠᠳᠠ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠲᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ ᠦᠭᠭᠦᠭᠰᠡᠭᠡᠷ ᠢᠷᠡᠵᠡᠢ᠃ ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠤᠶᠠᠷ ᠢ ᠬᠦᠷᠢᠶᠡᠯᠡᠬᠦ ᠠᠵᠢᠯ ᠤᠨ ᠬᠥᠭᠵᠢᠯᠲᠡ ᠬᠤᠪᠢᠷᠠᠯᠲᠠ ᠶᠢ ᠪᠣᠳᠣᠯᠬᠢᠯᠠᠵᠤ᠂ ᠠᠵᠢᠯ ᠤᠨ ᠵᠠᠭᠪᠤᠷ ᠢᠶᠠᠨ ᠰᠢᠨᠡᠴᠢᠯᠡᠨ᠂ ᠬᠤᠶᠠᠷ ᠢ ᠬᠦᠷᠢᠶᠡᠯᠡᠬᠦ ᠠᠵᠢᠯ ᠤᠨ ᠠᠭᠤᠯᠭ᠎ᠠ ᠶᠢ ᠥᠷᠭᠡᠳᠬᠡᠵᠦ᠂ ᠬᠤᠶᠠᠷ ᠢ ᠬᠦᠷᠢᠶᠡᠯᠡᠬᠦ ᠠᠵᠢᠯ ᠤᠨ ᠳᠦᠷᠢᠮ ᠢ ᠰᠢᠨᠡᠳᠬᠡᠵᠦ᠂ ᠬᠤᠶᠠᠷ ᠢ ᠬᠦᠷᠢᠶᠡᠯᠡᠬᠦ ᠠᠵᠢᠯ ᠤᠨ ᠰᠡᠳᠬᠢᠮᠵᠢ ᠪᠠᠨ ᠲᠣᠬᠢᠷᠠᠭᠤᠯᠤᠨ᠂ ᠰᠡᠳᠬᠢᠯ ᠵᠢᠷᠦᠬᠡ ᠪᠠᠨ ᠬᠤᠯᠪᠣᠨ ᠬᠤᠪᠢ ᠵᠠᠶᠠᠭ᠎ᠠ ᠪᠠᠨ ᠬᠠᠮᠲᠤᠳᠬᠠᠭᠰᠠᠨ ᠰᠢᠨ᠎ᠡ ᠮᠠᠶ᠋ᠢᠭ ᠤᠨ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠦᠷᠢᠯᠳᠦᠭᠦᠯᠵᠦ᠂ ᠤᠯᠠᠭᠠᠨᠬᠠᠳᠠ ᠶᠢᠨ ᠬᠤᠶᠠᠷ ᠢ ᠬᠦᠷᠢᠶᠡᠯᠡᠬᠦ ᠠᠵᠢᠯ ᠯᠠᠪᠳᠠᠭᠤᠨ ᠢᠶᠠᠷ ᠬᠥᠭᠵᠢᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ