ᠦᠬᠠᠶ ᠬᠤᠲᠠ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠪᠥᠬᠦ ᠬᠦᠴᠦ ᠪᠠᠷ ᠢᠶᠠᠨ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2020/10/21
     ᠣᠶᠢᠷ᠎ᠠ ᠶᠢᠨ ᠵᠢᠯ ᠠᠴᠠ ᠨᠠᠭᠠᠰᠢ᠂ ᠦᠬᠠᠶ ᠬᠤᠲᠠ ᠮᠥᠩᠭᠦᠨ ᠭᠦᠢᠯᠭᠡᠭᠡᠨ ᠤ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠲᠦᠷᠭᠡᠳᠬᠡᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠶᠡᠬᠡᠪᠡᠷ ᠬᠥᠭᠵᠢᠭᠦᠯᠦᠨ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠠᠬᠢᠭᠤᠯᠬᠤ ᠶᠢ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠡᠳᠬᠦᠬᠦ ᠲᠥᠰᠦᠯ ᠢ ᠨᠡᠶᠢᠲᠡᠯᠡᠵᠦ᠂ ᠳᠠᠮ ᠬᠦᠤ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃      ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠵᠢᠷᠤᠮᠵᠢᠭᠤᠯᠬᠤ ᠶᠢᠨ ᠲᠥᠯᠥᠭᠡ᠂ ᠦᠬᠠᠶ ᠬᠤᠲᠠ ᠬᠤᠷᠰᠢᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠵᠤ᠂ ᠲᠣᠬᠠᠶᠢᠯᠠᠭᠰᠠᠨ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠢᠭᠡᠯᠡᠯᠭᠡ ᠶᠢᠨ ᠬᠡᠷᠡᠭᠴᠡᠭᠡ ᠶᠢ ᠬᠢᠨᠠᠨ ᠬᠠᠷᠭᠤᠭᠤᠯᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠨᠢ ᠣᠨᠣᠪᠴᠢᠲᠠᠶ᠂ ᠵᠢᠭᠡᠯᠡᠯᠭᠡ ᠶᠢᠨ ᠬᠡᠷᠡᠭᠯᠡᠯᠲᠡ ᠨᠢ ᠵᠢᠷᠤᠮᠵᠢᠭᠤᠨ ᠪᠠᠶᠢᠬᠤ ᠶᠢ ᠪᠠᠲᠤᠯᠠᠬᠤ ᠶᠢᠨ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠦᠬᠠᠶ ᠬᠤᠲᠠ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠡᠷᠡᠭᠦᠯ ᠰᠠᠶᠢᠨ ᠬᠥᠭᠵᠢᠯᠲᠡ ᠶᠢ ᠦᠨᠡᠨ ᠬᠦ ᠪᠠᠲᠤᠯᠠᠵᠤ᠂ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠪᠠ᠃ ᠡᠭᠦᠨ ᠤ ᠬᠠᠮᠲᠤ᠂ ᠦᠬᠠᠶ ᠬᠤᠲᠠ ᠪᠥᠬᠦ ᠬᠤᠲᠠ ᠶᠢᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠭᠡ ᠶᠢᠨ ᠵᠢᠭᠡᠯᠡᠯᠭᠡ ᠲᠠᠯᠪᠢᠵᠤ ᠪᠣᠯᠬᠤ ᠪᠦᠬᠦᠨ ᠳᠤ ᠨᠢ ᠭᠦᠢᠴᠡᠳ ᠵᠢᠭᠡᠯᠡᠯᠭᠡ ᠲᠠᠯᠪᠢᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ  ᠨᠢ ᠣᠶᠢᠯᠠᠭᠠᠵᠤ᠂ ᠵᠢᠭᠡᠯᠡᠯᠭᠡ ᠪᠦᠬᠦᠨ ᠢ ᠨᠢ ᠭᠦᠢᠴᠡᠳ ᠵᠢᠭᠡᠯᠡᠭᠦᠯᠬᠦ ᠶᠢ ᠦᠨᠡᠨ ᠬᠦ ᠪᠠᠲᠤᠯᠠᠪᠠ᠃      ᠦᠬᠠᠶ ᠬᠤᠲᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠴᠢ ᠤᠬᠠᠭᠤᠯᠭ᠎ᠠ ᠶᠢ ᠢᠳᠡᠪᠬᠢᠲᠡᠢ ᠦᠷᠨᠢᠭᠦᠯᠦᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠳᠡᠯ ᠳᠤ ᠨᠠᠷᠢᠨ ᠲᠠᠶᠢᠯᠦᠮᠵᠢ ᠬᠢᠵᠦ᠂ ᠡᠯ᠎ᠡ ᠬᠠᠮᠢᠶ᠎ᠠ ᠪᠦᠬᠦᠢ ᠨᠢᠭᠡᠴᠢ᠂ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠷᠦᠬᠡ ᠪᠣᠯᠭᠠᠨ ᠬᠥᠮᠥᠨ ᠪᠣᠯᠭᠠᠨ ᠬᠦᠷᠲᠡᠯ᠎ᠡ ᠣᠨᠣᠪᠴᠢᠲᠠᠶ ᠨᠠᠶᠢᠳᠠᠪᠤᠷᠢᠵᠢᠭᠤᠯᠪᠠ᠃ ᠡᠯ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ᠂ ᠡᠯ᠎ᠡ ᠬᠤᠷᠰᠢᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ ᠵᠣᠬᠢᠶᠠᠨ ᠳᠠᠷᠤᠮᠠᠯᠯᠠᠵᠤ᠂ ᠲᠣᠰᠬᠤᠨ ᠡᠷᠦᠬᠡ ᠳᠠᠷᠠᠭᠠᠯᠠᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠳᠤ ᠤᠬᠠᠭᠤᠯᠤᠨ ᠲᠠᠶᠢᠯᠪᠤᠷᠢᠯᠠᠪᠠ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠬᠤ᠂ ᠦᠷᠭᠦᠯᠵᠢᠯᠡᠨ ᠵᠢᠭᠡᠯᠡᠯᠭᠡ ᠲᠠᠯᠪᠢᠬᠤ᠂ ᠬᠤᠭᠤᠴᠠᠭ᠎ᠠ ᠤᠷᠲᠤᠳᠬᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠵᠢᠭᠡᠯᠡᠯᠭᠡ ᠶᠢ ᠡᠭᠡᠭᠦᠯᠦᠨ ᠬᠤᠷᠢᠶᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠲᠥᠯᠥᠭᠡ᠂ ᠦᠬᠠᠶ ᠬᠤᠲᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠨᠥᠯᠥᠭᠡ ᠶᠢ ᠢᠳᠡᠪᠬᠢᠲᠡᠶ ᠠᠷᠭᠠᠴᠠᠭᠠᠵᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ︾ ᠪᠠᠭᠤᠯᠭᠠᠵᠤ᠂ ᠳᠠᠭᠠᠭᠠᠴᠢᠯᠠᠨ ᠡᠷᠬᠢᠯᠡᠬᠦ ᠪᠠᠩᠬᠢ ᠶᠢ ᠵᠢᠯᠣᠭᠤᠳᠤᠨ ᠲᠤᠬᠠᠶᠢᠯᠠᠭᠰᠠᠨ ᠠᠵᠢᠯ ᠤᠨ ᠶᠠᠪᠤᠴᠠ ᠶᠢ ᠳᠥᠭᠦᠮᠴᠢᠯᠡᠵᠦ᠂ ᠬᠢᠵᠢᠭ ᠤᠨ ᠪᠠᠶᠢᠳᠠᠯ ᠤᠨ ᠨᠥᠯᠥᠭᠡ ᠪᠠᠷ ᠵᠣᠭᠤᠰ ᠪᠤᠴᠠᠭᠠᠬᠤ ᠳᠤ ᠬᠦᠴᠢᠷᠲᠡᠶ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠤᠴᠠᠭᠠᠬᠤ ᠬᠤᠭᠤᠴᠠᠭ᠎ᠠ ᠶᠢ ᠬᠠᠮᠤᠭ ᠤᠷᠲᠤ ᠳᠤ ᠪᠠᠨ 6 ᠰᠠᠷ᠎ᠠ ᠤᠷᠲᠤᠳᠬᠠᠬᠤ ᠪᠤᠶᠤ ᠦᠷᠭᠦᠯᠵᠢᠯᠡᠨ ᠵᠢᠭᠡᠯᠡᠯᠭᠡ ᠲᠠᠯᠪᠢᠬᠤ ᠶᠢᠨ ᠬᠠᠮᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠤᠨ ᠬᠤᠭᠤᠴᠠᠭᠠᠨ ᠤ ᠰᠢᠨ᠎ᠡ ᠲᠥᠷᠥ ᠶᠢᠨ ᠪᠣᠳᠣᠯᠭ᠎ᠠ ᠶᠢ ᠳᠠᠩᠰᠠ ᠪᠠ ᠺᠠᠷᠲ  ᠲᠠᠢ ᠶᠠᠳᠠᠭᠤ ᠬᠦᠴᠢᠷᠳᠡᠯᠲᠡᠶ ᠡᠷᠦᠬᠡ ᠳᠤ ᠴᠠᠭ ᠲᠤᠬᠠᠶ ᠳᠤ ᠨᠢ ᠤᠯᠠᠮᠵᠢᠯᠠᠬᠤ ᠬᠡᠷᠡᠭᠲᠡᠶ ᠭᠡᠵᠦ ᠱᠠᠭᠠᠷᠳᠠᠵᠠᠶ᠃      ᠡᠨᠡ ᠵᠢᠯ ᠤᠨ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠨᠡᠶᠢᠲᠡ 139 ᠡᠷᠦᠬᠡ ᠳᠤ 943 ᠲᠦᠮᠡᠨ ᠲᠥᠭᠦᠷᠢᠭ ᠲᠠᠯᠪᠢᠪᠠ︔ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠦᠯᠡᠳᠡᠪᠦᠷᠢ 65 ᠡᠷᠦᠬᠡ ᠶᠢᠨ 273 ᠲᠦᠮᠡᠨ ᠲᠥᠭᠦᠷᠢᠭ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号