10 ᠳ᠋ᠤᠭᠠᠷ ᠰᠠᠷ᠎ᠠ ᠶᠢᠨ 20 ᠤ ᠡᠳᠦᠷ᠂ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ | ︵ᠰᠢᠶᠠᠨ︶ ᠶᠢ ᠨᠡᠷᠡᠶᠢᠳᠬᠦ ᠵᠢᠴᠢ ᠬᠤᠶᠠᠷ ᠢ ᠬᠦᠷᠢᠶᠡᠯᠡᠭᠰᠡᠨ ᠵᠢᠱᠢᠶᠡᠴᠢ ᠨᠢᠭᠡᠴᠢ ᠪᠠ ᠲᠡᠷᠢᠭᠦᠨ ᠤ ᠬᠤᠪᠢ | ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠤᠯᠠᠭᠠᠨᠬᠠᠳᠠ ᠬᠤᠲᠠ ᠳᠠᠬᠢᠨᠲᠠ | ︽ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ︾ ᠶᠢᠨ ᠴᠣᠯᠠ ᠶᠢ ᠭᠥᠷᠳᠡᠪᠡ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠰᠢᠶᠣᠤ ᠳ᠋ᠦᠩ᠂ | ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠸᠠᠩ ᠬᠤᠩ ᠭᠠᠩ ᠥᠪᠡᠷᠲᠡᠭᠡᠨ ᠵᠠᠰᠠᠬᠤ | ᠣᠷᠣᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠱᠠᠩᠨᠠᠯ ᠣᠯᠭᠤᠬᠤ ᠶᠣᠰᠣᠯᠠᠯ ᠳᠤ ᠣᠷᠣᠯᠴᠠᠵᠤ᠂ ᠬᠤᠲᠠ ᠶᠢᠨ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠬᠤᠪᠢᠶᠠᠷᠢ | ᠬᠤᠷᠠᠯ ᠤᠨ ᠲᠠᠯᠠᠪᠠᠢ ᠶᠢᠨ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃ | ᠣᠳᠣᠬᠠᠨ ᠪᠣᠯᠲᠠᠯ᠎ᠠ᠂ ᠤᠯᠠᠭᠠᠨᠬᠠᠳᠠ ᠬᠤᠳᠠ ᠨᠢᠭᠡᠨᠲᠡ ᠶᠢᠰᠦ ᠤᠳᠠᠭ᠎ᠠ ᠳᠠᠷᠠᠭᠠᠯᠠᠨ ᠪᠦᠬᠦ ᠤᠯᠤᠰ ᠤᠨ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠪᠠᠷ ᠦᠨᠡᠯᠡᠭᠳᠡᠪᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠬᠤᠶᠠᠷ ᠢ ᠬᠦᠷᠢᠶᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠢ | ᠬᠦᠷᠢᠶᠡᠯᠡᠬᠦ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠲᠤ | ᠣᠷᠣᠭᠤᠯᠣᠨ᠂ ᠨᠠᠮ ᠤᠨ ᠬᠤᠷᠢᠶᠠᠨ ᠤ ᠴᠡᠷᠢᠭ ᠤᠨ ᠬᠡᠷᠡᠭ ᠶᠠᠪᠤᠳᠠᠯ ᠢ ᠵᠥᠪᠯᠡᠬᠦ ᠬᠤᠷᠠᠯ ᠪᠣᠯᠤᠨ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ | ᠤᠯᠠᠭᠠᠨᠬᠠᠳᠠ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠲᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠴᠠᠭ | ᠲᠤᠬᠠᠢ ᠳᠤ ᠨᠢ ᠰᠢᠢᠳᠪᠦᠷᠢᠯᠡᠵᠦ ᠦᠭᠭᠦᠭᠰᠡᠭᠡᠷ ᠢᠷᠡᠵᠡᠢ᠃ ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠤᠶᠠᠷ ᠢ ᠬᠦᠷᠢᠶᠡᠯᠡᠬᠦ ᠠᠵᠢᠯ ᠤᠨ | ᠬᠥᠭᠵᠢᠯᠲᠡ ᠬᠤᠪᠢᠷᠠᠯᠲᠠ ᠶᠢ ᠪᠣᠳᠣᠯᠬᠢᠯᠠᠵᠤ᠂ ᠠᠵᠢᠯ ᠤᠨ ᠵᠠᠭᠪᠤᠷ ᠢᠶᠠᠨ ᠰᠢᠨᠡᠴᠢᠯᠡᠨ᠂ ᠬᠤᠶᠠᠷ ᠢ ᠬᠦᠷᠢᠶᠡᠯᠡᠬᠦ | ᠠᠵᠢᠯ ᠤᠨ ᠠᠭᠤᠯᠭ᠎ᠠ ᠶᠢ ᠥᠷᠭᠡᠳᠬᠡᠵᠦ᠂ ᠬᠤᠶᠠᠷ ᠢ ᠬᠦᠷᠢᠶᠡᠯᠡᠬᠦ ᠠᠵᠢᠯ ᠤᠨ ᠳᠦᠷᠢᠮ ᠢ ᠰᠢᠨᠡᠳᠬᠡᠵᠦ᠂ ᠬᠤᠶᠠᠷ ᠢ | ᠬᠦᠷᠢᠶᠡᠯᠡᠬᠦ ᠠᠵᠢᠯ ᠤᠨ ᠰᠡᠳᠬᠢᠮᠵᠢ ᠪᠠᠨ ᠲᠣᠬᠢᠷᠠᠭᠤᠯᠤᠨ᠂ ᠰᠡᠳᠬᠢᠯ ᠵᠢᠷᠦᠬᠡ ᠪᠠᠨ ᠬᠤᠯᠪᠣᠨ ᠬᠤᠪᠢ ᠵᠠᠶᠠᠭ᠎ᠠ ᠪᠠᠨ | ᠬᠠᠮᠲᠤᠳᠬᠠᠭᠰᠠᠨ ᠰᠢᠨ᠎ᠡ ᠮᠠᠶ᠋ᠢᠭ ᠤᠨ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠦᠷᠢᠯᠳᠦᠭᠦᠯᠵᠦ᠂ | ᠤᠯᠠᠭᠠᠨᠬᠠᠳᠠ ᠶᠢᠨ ᠬᠤᠶᠠᠷ ᠢ ᠬᠦᠷᠢᠶᠡᠯᠡᠬᠦ ᠠᠵᠢᠯ ᠯᠠᠪᠳᠠᠭᠤᠨ ᠢᠶᠠᠷ ᠬᠥᠭᠵᠢᠪᠡ᠃ |