ᠣᠷᠳᠣᠰ ᠤᠨ ᠠᠭᠠᠷ ᠤᠨ ᠭᠠᠷᠠᠮ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠭᠤᠷᠢᠨ ᠭᠠᠵᠠᠷ ᠥᠪᠡᠷᠲᠡᠭᠡᠨ ᠵᠠᠰᠠᠬᠤ ᠣᠷᠣᠨ ᠤ ᠲᠠᠰ ᠤᠨ ︽ᠣᠯᠠᠨ ᠢᠶᠠᠷ ᠢᠶᠠᠨ ᠡᠭᠦᠳᠬᠦ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠢᠶᠠᠨ ᠴᠤᠭᠯᠠᠭᠤᠯᠬᠤ︾ ᠦᠢᠯᠡᠰ ᠴᠣᠭᠴᠠᠯᠠᠬᠤ ᠲᠤᠯᠭᠠᠭᠤᠷᠢᠯᠠᠯ ᠤᠨ ᠲᠠᠪᠴᠠᠩ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2020/10/22
     ᠣᠶᠢᠷ᠎ᠠ ᠳᠤ᠂ ︽2020 — 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠣᠯᠠᠨ ᠢᠶᠠᠷ ᠢᠶᠠᠨ ᠡᠭᠦᠳᠬᠦ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠎ ᠢᠶᠠᠨ ᠴᠤᠭᠯᠠᠭᠤᠯᠬᠤ﹀ ᠦᠢᠯᠡᠰ ᠴᠣᠭᠴᠠᠯᠠᠬᠤ ᠲᠤᠯᠭᠠᠭᠤᠷᠢᠯᠠᠯ ᠤᠨ ᠲᠠᠪᠴᠠᠩ ᠢ ᠨᠡᠶᠢᠲᠡᠯᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾᠎ ᠤᠨ ᠮᠡᠳᠡᠭᠡ ᠶᠢ ᠦᠨᠳᠦᠰᠦᠯᠡᠪᠡᠯ᠂ ᠣᠷᠳᠣᠰ ᠤᠨ ᠠᠭᠠᠷ ᠤᠨ ᠭᠠᠷᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ︵ᠣᠷᠳᠣᠰ ᠤᠨ ᠠᠭᠠᠷ ᠤᠨ ᠭᠠᠷᠠᠮ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠭᠤᠷᠢᠨ ᠭᠠᠵᠠᠷ︶᠎ ᠨᠢ ᠥᠪᠡᠷᠲᠡᠭᠡᠨ ᠵᠠᠰᠠᠬᠤ ᠣᠷᠣᠨ ᠤ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠲᠤᠯᠭᠠᠭᠤᠷᠢᠯᠠᠯ ᠤᠨ ᠲᠠᠪᠴᠠᠩ ᠢᠶᠠᠷ ᠦᠨᠡᠯᠡᠭᠳᠡᠪᠡ᠃ ᠡᠨᠡ ᠪᠣᠯ ᠣᠷᠳᠣᠰ ᠬᠤᠲᠠ ᠶᠢᠨ 2020 ᠣᠨ ᠳᠤ ᠰᠢᠯᠭᠠᠷᠠᠭᠤᠯᠤᠭᠳᠠᠭᠰᠠᠨ ︽ᠣᠯᠠᠨ ᠢᠶᠠᠷ ᠢᠶᠠᠨ ᠡᠭᠦᠳᠬᠦ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠲᠡᠳᠬᠦᠬᠦ᠂ ᠣᠯᠠᠨ ᠢᠶᠠᠷ ᠢᠶᠠᠨ ᠴᠤᠭᠯᠠᠭᠤᠯᠬᠤ︾ ᠦᠢᠯᠡᠰ ᠴᠣᠭᠴᠠᠯᠠᠬᠤ ᠲᠤᠯᠭᠠᠭᠤᠷᠢᠯᠠᠯ ᠤᠨ ᠲᠠᠪᠴᠠᠩ ᠪᠣᠯᠤᠨ᠎ᠠ᠃ ᠲᠣᠰ ᠲᠠᠪᠴᠠᠩ ᠢ ᠬᠦᠷᠢᠶᠡᠯᠡᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠠᠴᠠ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠯᠲᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠩᠬᠠᠳᠠᠭᠴᠢ ᠬᠢᠨᠠᠯᠲᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠢᠲᠡᠭᠦᠮᠵᠢᠯᠡᠵᠦ ᠪᠠᠶᠢᠭᠠᠳ ᠬᠢᠨᠠᠨ ᠲᠣᠭᠲᠠᠭᠠᠯᠲᠠ ᠪᠠᠷ ᠳᠠᠮᠵᠢᠨ ᠡᠴᠦᠰ ᠲᠤ ᠪᠠᠨ ᠮᠠᠭᠠᠳᠯᠠᠨ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号