ᠮᠣᠩᠭᠤᠯ ᠤᠯᠤᠰ ᠠᠴᠠ ᠳᠤᠮᠳᠠᠳᠤ ᠤᠯᠤᠰ ᠲᠤ ᠬᠠᠨᠳᠢᠪᠯᠠᠭᠰᠠᠨ ᠬᠤᠨᠢᠳ ᠢ ᠲᠤᠰᠢᠶᠠᠵᠤ ᠭᠥᠯᠢᠶᠡᠨ ᠠᠪᠬᠤ ᠶᠣᠰᠣᠯᠠᠯ ᠶᠠᠪᠣᠭᠳᠠᠪᠠ
ᠨᠡᠶᠢᠲᠡᠯᠡᠭᠰᠡᠨ ᠴᠠᠭ᠄
2020/10/23
     ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠨᠢᠭᠲᠠ ᠬᠠᠮᠳᠤᠷᠠᠨ ᠠᠵᠢᠯᠯᠠᠭᠰᠠᠨ ᠪᠠᠶᠢᠳᠠᠯ ᠳᠤᠤᠷ᠎ᠠ᠂ ᠬᠠᠭᠠᠰ ᠵᠢᠯ ᠭᠠᠷᠤᠶ ᠨᠢᠮᠪᠠᠶ ᠪᠡᠯᠡᠳᠬᠡᠬᠦ ᠪᠠᠷ ᠳᠡᠮᠵᠢᠨ ᠮᠣᠩᠭᠤᠯ ᠤᠯᠤᠰ ᠠᠴᠠ ᠳᠤᠮᠳᠠᠳᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠬᠠᠨᠳᠢᠪᠯᠠᠬᠰᠠᠨ 3 ᠲᠦᠮᠡᠨ ᠬᠤᠨᠢ ᠶᠢ ᠵᠢᠩᠬᠢᠨᠢ ᠪᠠᠷ ᠳᠤᠮᠳᠠᠳᠤ ᠤᠯᠤᠰ ᠲᠤ ᠰᠢᠯᠵᠢᠭᠦᠯᠦᠨ ᠲᠤᠰᠢᠶᠠᠵᠤ ᠡᠬᠢᠯᠡᠪᠡ᠃ 10 ᠰᠠᠷ᠎ᠠ ᠶᠢᠨ 22᠎ ᠤᠨ ᠡᠳᠦᠷ᠂ ᠮᠤᠩᠭᠤᠯ ᠤᠯᠤᠰ ᠠᠴᠠ ᠬᠠᠨᠳᠢᠪᠯᠠᠭᠰᠠᠨ ᠠᠩᠬᠠᠨ ᠤ ᠪᠦᠯᠦᠭ 4000 ᠬᠤᠨᠢ ᠡᠷᠢᠶᠡᠨ ᠬᠤᠳᠠ ᠬᠢᠯᠢ ᠶᠢᠨ ᠪᠣᠭᠤᠮᠲᠠ ᠪᠠᠷ ᠳᠠᠮᠵᠢᠨ ᠳᠤᠮᠳᠠᠳᠤ ᠤᠯᠤᠰ ᠤᠨ ᠬᠢᠯᠢ ᠳᠤ ᠤᠷᠤᠵᠤ ᠢᠷᠡᠪᠡ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠡᠷᠢᠶᠡᠨ ᠬᠤᠲᠠ — ᠵᠠᠮ ᠤᠨ ᠡᠭᠦᠳᠡ ᠪᠣᠭᠤᠮᠲᠠ ᠳᠤ ᠬᠠᠨᠳᠢᠪᠯᠠᠭᠰᠠᠨ ᠬᠤᠨᠢᠳ ᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠵᠠᠢ᠃
     ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠠᠶᠢᠳ ᠤᠨ ᠲᠤᠰᠠᠯᠠᠭᠴᠢ ᠷᠧᠨ ᠬᠤᠩ ᠪᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠮᠣᠩᠭᠤᠯ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠴᠠᠢ ᠸᠧᠨ ᠷᠦᠢ ᠵᠢᠴᠢ ᠭᠠᠳᠠᠭᠠᠳᠤ ᠬᠠᠷᠢᠯᠴᠠᠭ᠎ᠠ᠂ ᠪᠣᠭᠤᠮᠲᠠ᠂ ᠬᠢᠯᠢ ᠶᠢᠨ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠤᠨ ᠲᠥᠯᠥᠭᠡᠯᠡᠭᠴᠢ᠂ ᠮᠣᠩᠭᠤᠯ ᠤᠯᠤᠰ ᠤᠨ ᠬᠦᠨᠡᠰᠦ ᠬᠦᠳᠡᠭᠡ ᠠᠵᠤ ᠠᠬᠤᠢ ᠬᠥᠩᠭᠡᠨ ᠠᠵᠤ ᠦᠢᠯᠡᠳᠪᠦᠷᠢ ᠶᠢᠨ ᠶᠠᠮᠤᠨ ᠤ ᠰᠠᠶᠢᠳ ᠮᠠᠨᠳᠤᠰᠠᠶᠢᠬᠠᠨ᠂ ᠮᠤᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠳᠡᠳ᠋ ᠰᠠᠶᠢᠳ ᠮᠦᠩᠬᠡᠵᠢᠨ᠂ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠪᠠᠳᠡᠷᠠᠯ ᠨᠠᠷ ᠶᠣᠰᠣᠯᠠᠯ ᠳᠤ ᠣᠷᠣᠯᠴᠠᠪᠠ᠃      ᠲᠤᠰ ᠡᠳᠦᠷ᠂ ᠳᠤᠮᠳᠠᠳᠤ ᠶᠢᠨ ᠪᠦᠬᠦ ᠤᠯᠤᠰ ᠤᠨ ᠰᠢᠦᠳᠠᠨ ᠲᠡᠮᠳᠡᠭ ᠴᠤᠭᠯᠠᠭᠤᠯᠬᠤ ᠬᠤᠯᠪᠣᠭᠠᠲᠤ ᠬᠤᠷᠠᠯ ᠠᠴᠠ ︽ᠮᠣᠩᠭᠤᠯ ᠤᠯᠤᠰ ᠠᠴᠠ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠬᠰᠠᠨ ᠳᠤᠷᠠᠰᠬᠠᠯ ᠤᠨ ᠵᠠᠬᠢᠳᠠᠯ ᠤᠨ ᠳᠤᠭᠲᠤᠢ︾ ᠲᠠᠷᠬᠠᠭᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠭᠠᠷ ᠬᠤᠯᠪᠤᠨ ᠬᠢᠵᠢᠭ ᠲᠠᠢ ᠳᠡᠮᠡᠴᠡᠭᠰᠡᠨ ᠨᠥᠬᠦᠷᠰᠡᠭ ᠰᠠᠶᠢᠬᠠᠨ ᠦᠯᠢᠭᠡᠷ ᠢ ᠳᠤᠷᠠᠰᠬᠠᠪᠠ᠃      ᠮᠣᠩᠭᠤᠯ ᠤᠯᠤᠰ ᠠᠴᠠ ᠳᠤᠮᠳᠠᠳᠤ ᠤᠯᠤᠰ ᠲᠤ 3 ᠲᠦᠮᠡᠨ ᠬᠤᠨᠢ ᠬᠠᠨᠳᠢᠪᠯᠠᠬᠰᠠᠨ ᠶᠠᠪᠤᠳᠠᠯ ᠪᠤᠯ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠠᠶᠢᠵᠤ᠂ ᠮᠣᠩᠭᠤᠯ ᠤᠯᠤᠰ ᠤᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠬᠢᠵᠢᠭ ᠲᠠᠢ ᠳᠡᠮᠡᠴᠡᠬᠦ ᠶᠢ ᠡᠷᠡᠰ ᠳᠡᠮᠵᠢᠵᠦ ᠪᠠᠶᠢᠬᠤ ᠶᠢ ᠬᠠᠷᠠᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠢ ᠬᠠᠷᠠᠭᠤᠯᠵᠠᠢ᠃      ᠣᠳᠣᠬᠠᠨ ᠳᠤ ᠮᠣᠩᠭᠤᠯ ᠤᠯᠤᠰ ᠠᠴᠠ ᠳᠤᠮᠳᠠᠳᠤ ᠤᠯᠤᠰ ᠲᠤ ᠬᠠᠨᠳᠢᠪᠯᠠᠭᠰᠠᠨ 3 ᠲᠦᠮᠡᠨ ᠬᠤᠨᠢ ᠶᠢ ᠴᠥᠮ ᠮᠣᠩᠭᠤᠯ ᠤᠯᠤᠰ ᠤᠨ ᠵᠠᠮ ᠤᠨ ᠡᠭᠦᠳᠡ ᠶᠢᠨ ᠬᠢᠵᠢᠭ ᠦᠯᠦ ᠬᠠᠯᠳᠠᠭᠠᠬᠤ ᠬᠢᠵᠢᠭ ᠦᠭᠡᠢ ᠣᠷᠣᠨ ᠳᠤ ᠲᠤᠰᠠᠭᠠᠷᠯᠠᠵᠤ ᠪᠠᠶᠢᠨ᠎ᠠ᠃ ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠡᠯᠡᠯᠴᠡᠵᠤ ᠲᠣᠭᠲᠠᠭᠰᠠᠨ ᠲᠥᠯᠥᠪᠯᠡᠭᠡ ᠪᠠᠷ᠂ 3 ᠲᠦᠮᠡᠨ ᠬᠤᠨᠢ ᠶᠢ ᠬᠡᠰᠡᠭ ᠪᠦᠯᠦᠭ ᠬᠤᠪᠢᠶᠠᠨ 11 ᠰᠠᠷ᠎ᠠ ᠶᠢᠨ ᠳᠤᠮᠳᠠᠴᠢ ᠠᠴᠠ ᠡᠮᠦᠨ᠎ᠡ ᠳᠤᠮᠳᠠᠳᠤ ᠤᠯᠤᠰ ᠤᠨ ᠬᠢᠯᠢ ᠳᠤ ᠤᠷᠤᠭᠤᠯᠵᠤ᠂ ᠡᠷᠢᠶᠡᠨ ᠬᠤᠲᠠ ᠳᠤ ᠡᠳ᠋ᠰᠢᠭᠦᠯᠦᠭᠰᠡᠨ ᠤ ᠳᠠᠷᠠᠭ᠎ᠠ ᠬᠤᠪᠧᠶ ᠮᠤᠵᠢ ᠳᠤ ᠵᠥᠭᠡᠭᠡᠪᠦᠷᠢᠯᠡᠨ ᠬᠦᠷᠬᠡᠵᠤ᠂ ᠮᠣᠩᠭᠤᠯ ᠤᠯᠤᠰ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠰᠡᠳᠬᠢᠯ ᠢ ᠬᠢᠵᠢᠭ ᠲᠠᠢ ᠳᠡᠮᠡᠴᠡᠬᠦ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠬᠤᠪᠧᠶ ᠶᠢᠨ ᠠᠷᠠᠳ ᠲᠦᠮᠡᠨ ᠳᠤ ᠳᠠᠮᠵᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号