|
ᠪᠦᠬᠦ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠴᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠬᠥᠪᠡᠭᠡᠲᠦ ᠰᠢᠷ᠎ᠠ ᠬᠤᠰᠢᠭᠤᠨ ᠳᠤ ᠬᠤᠷᠠᠯᠳᠤᠪᠠ ᠪᠦ᠋ ᠰᠢᠶᠤᠤ ᠯᠢᠨ ᠣᠷᠣᠯᠴᠠᠵᠠᠢ |
|
|
ᠨᠡᠶᠢᠲᠡᠯᠡᠭᠰᠡᠨ ᠴᠠᠭ᠄
2020/10/26
|
|
10 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠳᠤ ᠪᠦᠬᠦ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠴᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠲᠤᠷᠰᠢᠯᠭ᠎ᠠ ᠶᠢ ᠰᠣᠯᠢᠯᠴᠠᠨ ᠳᠡᠯᠭᠡᠷᠡᠭᠦᠯᠵᠥ᠂ ᠠᠩᠬᠠᠨ ᠤ ᠪᠦᠯᠦᠭ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢ ᠠᠬᠢᠭᠤᠯᠵᠤ᠂ ᠪᠥᠬᠦ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠤᠯᠠᠮ ᠴᠢᠨᠠᠬᠰᠢᠳᠠ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠰᠦᠨ ᠮᠧᠶ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠠᠵᠢᠯᠯᠠᠭ᠎ᠠ ᠳᠤ ᠣᠷᠣᠯᠴᠠᠵᠤ᠂ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠪᠠᠶᠢᠴᠠᠭᠠᠨ ᠬᠡᠮᠵᠢᠬᠦ ᠲᠠᠰᠤᠭ ᠵᠢᠴᠢ ᠬᠡᠰᠡᠭ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠠᠬᠤᠶᠢᠯᠠᠯ ᠳᠤ ᠬᠦᠷᠴᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠪᠦᠲᠦᠭᠡᠭᠳᠡᠬᠦᠨ ᠤ ᠦᠵᠡᠭᠦᠯᠭᠡ ᠶᠢ ᠲᠣᠭᠤᠷᠢᠨ ᠦᠵᠡᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠪᠠᠰᠠ ᠬᠥᠪᠡᠭᠡᠲᠦ ᠰᠢᠷ᠎ᠠ ᠬᠤᠰᠢᠭᠤᠨ ᠤ ᠷᠦ᠋ ᠰᠢᠶᠠᠩ ᠫᠢᠶᠤᠤ ᠰᠦ ᠶᠢᠨ ᠦᠢᠯᠡᠰ ᠤᠨ ᠺᠣᠮᠫᠠᠨᠢ ᠶᠢᠨ ᠦᠢᠯᠡᠳᠦᠭᠰᠡᠨ ᠶᠣᠰᠣᠯᠠᠯ ᠤᠨ ᠪᠢᠰᠢᠯᠠᠭ ᠨᠢ ︽ᠳᠡᠯᠡᠬᠡᠶ ᠶᠢᠨ ᠬᠢᠨᠢᠰ ᠤᠨ ᠲᠡᠮᠳᠡᠭᠯᠡᠯ︾ ᠢ ᠡᠬᠦᠳᠦᠭᠰᠡᠨ ᠢ ᠬᠡᠷᠡᠴᠢᠯᠡᠪᠡ᠃ ᠰᠦᠨ ᠮᠧᠶ ᠵᠢᠶᠦ᠋ᠨ ᠲᠤᠬᠠᠶ ᠶᠢᠨ ᠭᠠᠵᠠᠷ ᠤᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠥᠪᠥᠷ ᠮᠣᠩᠭᠤᠯ ᠪᠣᠯ ᠳᠤᠮᠳᠠᠳᠤ ᠤᠯᠤᠰ ᠤᠨ ᠰᠦ ᠶᠢᠨ ᠦᠢᠯᠡᠰ ᠤᠨ ᠲᠣᠮᠣ ᠮᠤᠵᠢ ᠮᠥᠨ᠂ ᠥᠪᠡᠷᠮᠢᠴᠡ ᠣᠨᠴᠠᠯᠢᠭ ᠪᠦᠬᠦᠢ ᠰᠦ ᠶᠢᠨ ᠢᠷᠡᠯᠲᠡ ᠶᠢᠨ ᠰᠠᠭᠤᠷᠢᠨ ᠪᠠ ᠰᠦ ᠶᠢᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠰᠠᠭᠤᠷᠢ ᠲᠠᠢ ᠶᠤᠮ᠃ ︽ᠶᠡᠭᠡ ᠶᠢ ᠠᠳᠬᠤᠵᠤ ᠪᠠᠭ᠎ᠠ ᠶᠢ ᠦᠯᠦ ᠲᠠᠯᠪᠢᠬᠤ︾ ᠶᠢ ᠪᠠᠷᠢᠮᠲᠠᠯᠠᠵᠤ᠂ ᠲᠣᠮᠣ ᠬᠡᠯᠪᠡᠷᠢ ᠶᠢᠨ ᠰᠦ ᠶᠢᠨ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠤᠯᠠᠮᠵᠢᠯᠠᠯᠲᠤ ᠪᠠᠭ᠎ᠠ ᠵᠢᠵᠢᠭ ᠰᠦ ᠶᠢᠨ ᠠᠵᠤ ᠠᠬᠤᠶᠢᠯᠠᠯ ᠤᠨ ᠵᠡᠷᠭᠡ ᠪᠠᠷ ᠬᠥᠭᠵᠢᠬᠦ ᠶᠢ ᠳᠠᠶᠢᠴᠢᠯᠠᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠶᠢᠨ ᠦᠢᠯᠡᠰ ᠤᠨ ᠣᠷᠣᠨ ᠪᠦᠰᠡᠴᠢᠯᠡᠭᠰᠡᠨ ᠬᠥᠭᠵᠢᠯᠲᠡ ᠶᠢᠨ ᠳᠠᠪᠠᠭᠤᠯᠢᠭ ᠪᠣᠯᠤᠨ ᠤᠯᠠᠮᠵᠢᠯᠠᠯᠲᠤ ᠴᠠᠭᠠᠨ ᠢᠳᠡᠭᠡᠨ ᠤ ᠵᠦᠷᠢᠶᠡᠴᠢᠯᠡᠭᠰᠡᠨ ᠥᠷᠢᠰᠥᠯᠳᠦᠭᠡᠨ ᠤ ᠳᠠᠪᠠᠭᠤᠯᠢᠭ ᠢ ᠲᠦᠷᠭᠡᠳᠬᠡᠨ ᠪᠤᠢ ᠪᠣᠯᠭᠠᠬᠤ ᠬᠡᠷᠡᠭᠲᠡᠶ᠃ ᠦᠨᠳᠦᠰᠦᠲᠡᠨ ᠤ ᠤᠯᠠᠮᠵᠢᠯᠠᠯᠲᠤ ᠰᠦ ᠶᠢᠨ ᠦᠢᠯᠡᠰ ᠪᠣᠯ ᠥᠪᠥᠷ ᠮᠣᠩᠭᠤᠯ ᠤᠨ ᠣᠨᠴᠠᠯᠢᠭᠲᠤ ᠠᠵᠤ ᠦᠢᠯᠡᠰ ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠪᠡᠯᠡ ᠣᠷᠣᠭᠤᠯᠤᠯᠲᠠ ᠶᠢᠨ ᠳᠡᠮᠵᠢᠯᠭᠡ ᠪᠣᠯᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢ ᠴᠢᠷᠮᠠᠶᠢᠨ ᠰᠠᠶᠢᠵᠢᠷᠠᠭᠤᠯᠵᠥ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠰᠦ ᠶᠢᠨ ᠦᠢᠯᠡᠰ ᠢ ᠵᠢᠷᠤᠮᠵᠢᠭᠤᠯᠤᠨ ᠬᠥᠭᠵᠢᠭᠦᠯᠬᠦ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠶᠡᠭᠡ ᠪᠠᠷ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ ᠡᠸᠤ ᠶᠠᠩ ᠰᠢᠶᠣᠤ ᠬᠤᠢ ᠲᠤᠬᠠᠶ ᠶᠢᠨ ᠭᠠᠵᠠᠷ ᠤᠨ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠶ ᠲᠥᠯᠥᠪᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠮᠬᠢ ᠵᠢᠷᠤᠮ ᠲᠠᠢ ᠪᠠᠷ ᠠᠬᠢᠭᠤᠯᠵᠥ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠪᠠᠷᠢᠮᠵᠢᠶ᠎ᠠ ᠵᠢᠷᠤᠮᠵᠢᠯ᠂ ᠶᠠᠰᠤ ᠴᠢᠨᠠᠷ ᠤᠨ ᠠᠮᠤᠷ ᠲᠦᠪᠰᠢᠨ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠵᠡᠷᠭᠡ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠥ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠥ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠥᠪᠥᠷ ᠮᠣᠩᠭᠤᠯ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠬᠤ ᠬᠡᠷᠡᠭᠳᠡᠢ ᠬᠡᠵᠥ ᠵᠢᠭᠠᠵᠥ ᠭᠠᠷᠭᠠᠪᠠ᠃ ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠲᠤᠬᠠᠢ ᠶᠢᠨ ᠭᠠᠵᠠᠷ ᠤᠨ ᠬᠤᠷᠠᠯ ᠳᠡᠭᠡᠷ᠎ᠡ᠂ ᠪᠠᠰᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠵᠠᠢ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|