10 ᠰᠠᠷ᠎ᠡ ᠶᠢᠨ 20 ᠤ ᠡᠳᠦᠷ ᠬᠦᠭᠡᠬᠤᠳᠠ᠂ ᠪᠤᠭᠤᠳᠤ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠡᠪᠤᠯ ᠤᠨ ᠤᠯᠠᠷᠢᠯ ᠤᠨ ᠠᠭᠠᠷ ᠮᠠᠨᠳᠠᠯ | ᠤᠨ ᠪᠤᠬᠢᠷᠳᠤᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠪᠤᠭᠤᠳᠤ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠬᠦᠯᠡᠭᠴᠢ ᠪᠤᠤ ᠭᠠᠩ ᠬᠤᠷᠠᠯ ᠳᠤ ᠤᠷᠤᠯᠴᠠᠨ ᠶᠠᠷᠢᠶ᠎ᠡ ᠲᠠᠯᠪᠢᠪᠠ᠃ | ᠬᠤᠷᠠᠯ ᠠᠴᠠ᠂ ᠬᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠪᠤᠯ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠭᠤᠤᠯᠳᠠᠭ᠎ᠠ ᠶᠢᠨ ᠲᠤᠳᠤᠷᠠᠬᠢ ᠭᠤᠤᠯᠳᠠᠯᠭ᠎ᠠ ᠮᠦᠨ᠂ ᠬᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠪᠤᠯ ᠡᠷᠬᠡᠪᠰᠢ ᠪᠠᠶᠠᠯᠡᠬᠦᠯᠬᠦ ᠤᠯᠤᠰ ᠲᠦᠷᠤ ᠶᠢᠨ ᠡᠬᠦᠷᠭᠡ | ᠪᠤᠯᠤᠨ᠎ᠡ᠃ ᠤᠳᠤᠬᠠᠨ ᠤ ᠲᠤᠯᠭᠠᠷᠠᠵᠤ ᠪᠠᠶᠢᠭ᠎ᠠ ᠪᠤᠳᠤᠯᠢᠶᠠᠨᠳᠠᠢ ᠪᠠᠶᠢᠳᠠᠯ ᠢ ᠬᠦᠨᠵᠡᠭᠡᠢ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ | ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠯᠤᠰ ᠪᠠ ᠦᠪᠡᠷᠳᠡᠭᠡᠨ ᠵᠠᠰᠬᠠᠤ ᠤᠷᠤᠨ ᠤ ᠠᠭᠠᠷ ᠮᠠᠨᠳᠠᠯ ᠤᠨ | ᠪᠤᠬᠢᠷᠳᠤᠯ ᠢ ᠰᠡᠷᠭᠡᠶᠢᠯᠡᠨ ᠵᠠᠰᠬᠠᠤ ᠲᠤᠬᠠᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠪᠤᠯ ᠤᠨ ᠤᠯᠠᠷᠢᠯ ᠤᠨ ᠰᠤᠯᠠ | ᠨᠡᠬᠦᠷᠡᠰᠤ᠂ ᠠᠵᠤ ᠦᠢᠯᠡᠳᠪᠤᠷᠢ᠂ ᠤᠳᠤᠭ᠎ᠠ ᠲᠤᠭᠤᠰᠤ᠂ ᠮᠠᠰᠢᠨ ᠲᠡᠷᠭᠡᠨ ᠤ ᠪᠤᠬᠢᠷᠳᠤᠯ ᠤᠨ ᠵᠠᠰᠠᠯᠳᠠ ᠶᠢ ᠲᠤᠪᠤᠶᠢᠯᠭᠠᠨ ᠰᠠᠶᠢᠳᠤᠷ ᠠᠳᠬᠤᠵᠤ᠂ ᠡᠰᠢ ᠰᠦᠷᠡᠯ ᠢ | ᠵᠠᠳᠠᠭᠠᠢ ᠰᠢᠳᠠᠭᠠᠬᠤ ᠪᠠ ᠬᠤᠸᠠᠷ ᠫᠤᠤᠵᠢᠩ ᠤᠨ ᠬᠠᠮᠢᠶᠡᠷᠤᠯᠳᠠ ᠶᠢ ᠴᠢᠩᠭᠠᠳᠬᠠᠵᠤ᠂ ᠪᠤᠬᠢᠷᠳᠤᠯ ᠪᠤᠳᠠᠰ ᠢ ᠭᠠᠳᠠᠬᠰᠢᠯᠠᠭᠤᠯᠬᠤ ᠶᠢ ᠡᠬᠢ ᠡᠬᠦᠰᠤᠯ ᠠᠴᠠ ᠨᠢ | ᠪᠠᠭᠠᠰᠬᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠬᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠶᠢᠨ ᠵᠠᠩᠭᠢᠯᠠᠭ᠎ᠠ ᠨᠢ ᠬᠦᠨᠳᠤ ᠪᠤᠬᠢᠷᠳᠤᠯ ᠲᠠᠢ ᠴᠠᠭ ᠠᠭᠤᠷ ᠢ | ᠠᠷᠭᠠᠴᠠᠭᠠᠬᠤ ᠲᠡᠭᠡᠷ᠎ᠡ ᠬᠦᠴᠤ ᠤᠷᠤᠭᠤᠯᠬᠤ ᠭᠡᠷᠡᠭᠳᠠᠢ᠃ ᠡᠯ᠎ᠡ ᠠᠶᠢᠮᠠᠭ ᠬᠤᠳᠠ ᠪᠤᠢ ᠪᠦᠬᠦᠢ ᠠᠭᠠᠷ ᠮᠠᠨᠳᠠᠯ ᠳᠤ ᠬᠤᠯᠪᠤᠬᠳᠠᠬᠤ ᠠᠵᠤ ᠠᠬᠤᠢᠢᠯᠠᠯ ᠢ ᠪᠠᠴᠢᠮ | ᠪᠠᠶᠢᠳᠠᠯ ᠢ ᠠᠷᠭᠠᠴᠠᠭᠠᠨ ᠭᠠᠳᠠᠬᠰᠢᠯᠠᠭᠤᠯᠬᠤ ᠶᠢ ᠪᠠᠭᠠᠰᠬᠠᠬᠤ ᠨᠠᠷᠢᠨ ᠲᠠᠩᠰᠠᠨ ᠳᠤ ᠤᠷᠤᠭᠤᠯᠵᠤ᠂ ︽ᠨᠢᠭᠡ ᠬᠤᠳᠠ ᠳᠤ ᠨᠢᠭᠡ ᠲᠦᠰᠤᠯ︾᠂ ︽ᠨᠢᠭᠡ | ᠦᠢᠯᠡᠳᠪᠤᠷᠢ ᠳᠤ ᠨᠢᠭᠡ ᠠᠷᠭ᠎ᠠ ᠪᠤᠳᠤᠯᠭ᠎ᠠ︾ ᠶᠢ ᠭᠡᠷᠡᠭᠵᠢᠬᠦᠯᠤᠨ᠂ ᠭᠠᠳᠠᠬᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠭᠡᠷᠡᠭᠵᠢᠬᠦᠯᠤᠬᠦᠰᠢᠳᠠᠢ᠂ ᠬᠢᠨᠠᠨ | ᠬᠡᠮᠵᠢᠵᠤ ᠪᠤᠯᠬᠤ᠂ ᠬᠠᠷᠭᠤᠭᠤᠯᠤᠨ ᠪᠠᠶᠢᠴᠠᠭᠠᠵᠤ ᠪᠤᠯᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠬᠦᠨᠳᠤ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠭᠠᠬᠤ | ᠪᠡᠯᠡᠳᠭᠡᠯ ᠲᠦᠰᠦᠯ ᠢ ᠰᠠᠶᠢᠳᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠭᠠᠳᠠᠬᠰᠢᠯᠠᠭᠤᠯᠬᠤ ᠶᠢ ᠪᠠᠭᠠᠰᠬᠠᠬᠤ ᠨᠢ ᠤᠨᠤᠪᠴᠢᠳᠠᠢ ᠪᠠᠶᠢᠬᠤ᠂ | ᠤᠷᠢᠳᠴᠢᠯᠡᠨ ᠰᠡᠷᠡᠮᠵᠢᠯᠡᠬᠦᠯᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ | ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠬᠦᠯᠵᠤ᠂ ︽ᠪᠦᠷᠬᠦᠭ ᠡᠳᠦᠷ︾ ᠢ ︽ᠲᠤᠩᠭᠠᠯᠠᠭ ᠡᠳᠦᠷ︾ ᠪᠤᠯᠭᠠᠬᠤ ᠪᠠᠷ ᠴᠢᠷᠮᠠᠶᠢᠵᠤ᠂ | ᠪᠦᠬᠦ ᠵᠢᠯ ᠤᠨ ᠡᠯ᠎ᠡ ᠵᠦᠢᠯ ᠤᠨ ᠬᠠᠷᠠᠯᠳᠠ ᠡᠬᠦᠷᠭᠡ ᠶᠢ ᠪᠠᠶᠠᠯᠡᠬᠦᠯᠬᠦ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃ | ᠬᠤᠷᠠᠯ ᠠᠴᠠ ᠪᠦᠬᠦ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠬᠤᠯᠪᠤᠬᠳᠠᠯ ᠪᠦᠬᠦᠢ ᠪᠠᠶᠢᠳᠠᠯ ᠢ ᠵᠠᠷᠯᠡᠨ ᠮᠠᠳᠡᠭᠳᠡᠵᠤ᠂ | ᠬᠤᠯᠪᠤᠬᠳᠠᠯ ᠪᠦᠬᠦᠢ ᠠᠶᠢᠮᠠᠭ ᠬᠤᠳᠠ ᠶᠢᠨ ᠵᠠᠰᠠᠭ ᠤᠨ ᠤᠷᠳᠤᠨ ᠤᠷᠤᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠶᠢᠨ | ᠲᠤᠭᠤᠷᠢᠨ ᠳᠤ ᠦᠭᠡ ᠬᠡᠯᠡᠪᠠ᠂ ᠬᠤᠷᠠᠯ ᠠᠴᠠ ᠪᠡᠰᠡ ᠬᠦᠨᠳᠤ ᠪᠤᠬᠢᠷᠳᠤᠯ ᠲᠠᠢ ᠴᠠᠭ ᠠᠭᠤᠷ ᠢ ᠤᠷᠢᠳᠴᠢᠯᠡᠨ ᠰᠡᠷᠡᠮᠵᠢᠯᠡᠬᠦᠯᠬᠦ ᠵᠢᠴᠢ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠶᠢᠨ ᠵᠢᠩᠬᠢᠨᠢ ᠪᠠᠶᠢᠯᠳᠤᠭᠠᠨ ᠤ ᠰᠤᠷᠢᠯᠳᠠ ᠶᠢ ᠵᠤᠬᠢᠶᠠᠨ ᠪᠠᠶᠢᠭᠤᠯᠵᠤ ᠥᠷᠨᠢᠭᠦᠯᠪᠡ᠃ |