ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 14 ᠳ᠋ᠦ᠋ᠭᠡᠷ ᠨᠣᠮᠧᠷᠲᠦ ᠵᠠᠷᠯᠠᠯ
ᠨᠡᠶᠢᠲᠡᠯᠡᠭᠰᠡᠨ ᠴᠠᠭ᠄
2020/10/28
      2020 ᠣᠨ ᠤ 10 ᠰᠠᠷ᠎ᠠ ᠶᠢᠨ 24᠎ ᠤ ᠡᠳᠦᠷ᠂ ᠰᠢᠨᠵᠢᠶᠠᠩ ᠤᠨ ᠣᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠺᠠᠱᠭᠠᠷ ᠣᠷᠣᠨ ᠤ ᠱᠦ ᠹᠦ᠋ ᠰᠢᠶᠠᠨ ᠳᠤ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠨ 1 ᠬᠦᠮᠦᠨ ᠢ ᠢᠯᠡᠷᠡᠭᠦᠯᠪᠡ᠃ 10 ᠰᠠᠷ᠎ᠠ ᠶᠢᠨ 25᠎ ᠤ ᠡᠳᠦᠷ ᠤᠨ ᠣᠷᠣᠢ ᠪᠣᠯᠲᠠᠯ᠎ᠠ᠂ ᠺᠠᠱᠭᠠᠷ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢ ᠪᠠᠰᠠ 137 ᠢᠯᠡᠷᠡᠭᠦᠯᠵᠦ᠂ ᠲᠤᠬᠠᠢ ᠶᠢᠨ ᠭᠠᠵᠠᠷ ᠤᠨ ᠬᠢᠨ ᠭᠡᠨᠡᠳᠲᠡ ᠡᠭᠦᠰᠦᠭᠰᠡᠨ ᠴᠢᠬᠤᠯᠠ ᠶᠡᠭᠡ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠨᠢᠭᠡᠳᠦᠭᠡᠷ ᠳᠡᠰ ᠤᠨ ᠠᠵᠢᠯᠯᠠᠭ᠎ᠠ ᠶᠢ ᠨᠢᠭᠡᠨᠲᠡ ᠡᠬᠢᠯᠡᠭᠦᠯᠪᠡ᠃ ᠣᠳᠣᠬᠠᠨ ᠤ ᠲᠡᠯᠡᠬᠡᠢ ᠨᠡᠶᠢᠲᠡ ᠶᠢᠨ ᠬᠢᠵᠢᠭ ᠤᠨ ᠪᠠᠶᠢᠳᠠᠯ ᠥᠷᠭᠦᠯᠵᠢᠯᠡᠨ ᠥᠷᠭᠡᠳᠦᠨ ᠳᠡᠯᠭᠡᠷᠡᠵᠦ ᠪᠠᠶᠢᠬᠤ ᠪᠠ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠲᠥᠭᠰᠢᠭᠦᠷᠢ ᠨᠡᠯᠢᠶᠡᠳ ᠶᠡᠭᠡ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠤᠪᠴᠢᠲᠠᠢ ᠬᠢᠬᠦ ᠶᠢᠨ ᠲᠥᠯᠥᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠳᠣᠣᠷᠠᠬᠢ ᠮᠡᠲᠦ ᠵᠠᠷᠯᠠᠶ᠎ᠠ᠃       ᠨᠢᠭᠡ᠂ ᠥᠷᠭᠡᠨ ᠣᠯᠠᠨ ᠰᠠᠭᠤᠭᠠᠯᠢ ᠠᠷᠠᠳ ᠰᠢᠨᠵᠢᠶᠠᠩ ᠤᠨ ᠤᠶᠢᠭᠤᠷ ᠥᠨᠳᠥᠰᠥᠲᠡᠨ ᠤ ᠥᠪᠡᠷᠲᠡᠭᠡᠨ ᠵᠠᠰᠠᠬᠤ ᠣᠷᠣᠨ ᠤ ᠠᠯᠪᠠᠨ ᠤ ᠲᠠᠯ᠎ᠠ ᠶᠢᠨ ᠨᠡᠶᠢᠲᠡᠯᠡᠭᠰᠡᠨ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠲᠤᠬᠠᠢ ᠮᠡᠳᠡᠭᠡ ᠵᠠᠩᠬᠢ ᠶᠢ ᠨᠢᠭᠲᠠ ᠠᠩᠬᠠᠷᠬᠤ ᠬᠡᠷᠡᠭᠲᠡᠢ᠃ 10 ᠰᠠᠷ᠎ᠠ ᠶᠢᠨ 10᠎ ᠤ ᠡᠳᠦᠷ ᠠᠴᠠ ᠨᠠᠭᠠᠰᠢ ᠺᠠᠱᠭᠠᠷ ᠣᠷᠣᠨ ᠠᠴᠠ ᠮᠠᠨ ᠤ ᠠᠶᠢᠮᠠᠭ ᠲᠤ ᠪᠤᠴᠠᠵᠤ ᠢᠷᠡᠭᠰᠡᠨ ᠬᠦᠮᠦᠰ ᠲᠡᠷᠡ ᠳᠠᠷᠤᠢ ᠳᠤᠨᠢ ᠬᠠᠷᠢᠶ᠎ᠠ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠪᠤᠶᠤ ᠪᠠᠶᠢᠭᠤᠯᠭ᠎ᠠ ᠨᠢᠭᠡᠴᠢ ᠳᠡᠭᠡᠨ ᠮᠡᠳᠡᠭᠦᠯᠦᠨ ᠳᠠᠩᠰᠠᠯᠠᠭᠤᠯᠵᠤ᠂ ᠶᠠᠪᠤᠵᠤ ᠰᠠᠭᠤᠭᠰᠠᠨ ᠵᠠᠮ ᠮᠥᠷ ᠪᠣᠯᠣᠨ ᠬᠤᠪᠢ ᠬᠦᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠲᠤᠰᠠᠭᠠᠷᠯᠠᠨ ᠡᠵᠡᠮᠳᠡᠬᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢ ᠮᠥᠷᠳᠡᠨ ᠪᠠᠶᠢᠴᠠᠭᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃       ᠬᠤᠶᠠᠷ᠂ ᠡᠯ᠎ᠡ ᠬᠤᠰᠢᠭᠤ ᠰᠢᠶᠠᠨ ᠣᠷᠣᠨ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ︾ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠂ ᠵᠡᠭᠡᠯᠢ ᠭᠤᠳᠤᠮᠵᠢ ︵ᠰᠤᠮᠤ ᠪᠠᠯᠭᠠᠰᠤ︶᠂ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠪᠣᠯᠣᠨ ᠡᠯ᠎ᠡ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠳᠠᠷᠤᠢ ᠲᠥᠷᠭᠡᠨ ᠵᠣᠬᠢᠶᠠᠨ ᠪᠠᠶᠢᠭᠤᠯᠵᠤ᠂ 10 ᠰᠠᠷ᠎ᠠ ᠶᠢᠨ 10᠎ ᠤ ᠡᠳᠦᠷ ᠠᠴᠠ ᠨᠠᠭᠠᠰᠢ ᠺᠠᠱᠭᠠᠷ ᠣᠷᠣᠨ ᠠᠴᠠ ᠮᠠᠨ ᠤ ᠠᠶᠢᠮᠠᠭ ᠲᠤ ᠪᠤᠴᠠᠵᠤ ᠢᠷᠡᠭᠰᠡᠨ ᠬᠦᠮᠦᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃       ᠭᠤᠷᠪᠠ᠂ 10 ᠰᠠᠷ᠎ᠠ ᠶᠢᠨ 10᠎ ᠤ ᠡᠳᠦᠷ ᠠᠴᠠ ᠨᠠᠭᠠᠰᠢ᠂ ᠺᠠᠱᠭᠠᠷ ᠣᠷᠣᠨ ᠠᠴᠠ ᠮᠠᠨ ᠤ ᠠᠶᠢᠮᠠᠭ ᠲᠤ ᠪᠤᠴᠠᠵᠤ ᠢᠷᠡᠭᠰᠡᠨ ᠬᠦᠮᠦᠰ 7 ᠡᠳᠦᠷ ᠤᠨ ᠳᠣᠲᠣᠷᠠᠬᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠪᠠᠶᠢᠬᠤ ᠭᠡᠷᠡᠴᠢ ᠲᠠᠢ᠂ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠳᠠᠯ ᠲᠠᠢ ᠪᠦᠭᠡᠳ ᠬᠤᠪᠢ ᠬᠦᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠳᠠᠯ ᠳᠣᠣᠷ᠎ᠠ ᠴᠢᠯᠦᠭᠡᠲᠡᠢ ᠡᠮᠬᠢ ᠵᠢᠷᠤᠮ ᠲᠠᠢ ᠶᠠᠪᠤᠵᠤ ᠰᠠᠭᠤᠵᠤ ᠪᠣᠯᠣᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠪᠠᠶᠢᠬᠤ ᠮᠡᠳᠡᠭᠡ ᠵᠠᠩᠬᠢ ᠶᠢ ᠬᠠᠩᠭᠠᠵᠤ ᠳᠡᠶᠢᠯᠬᠦ ᠦᠭᠡᠢ ᠪᠣᠯ᠂ ᠡᠩ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠪᠠ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠥᠷ᠎ᠡ ᠳ᠋ᠦᠩ ᠨᠢ ᠪᠢᠯᠢᠭ ᠴᠢᠨᠠᠷᠲᠠᠢ ᠪᠠᠶᠢᠬᠤ ᠳᠤ ᠬᠦᠷᠪᠡᠯ ᠰᠠᠶ᠋ᠢ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠣᠨ᠎ᠠ᠃       ᠳᠥᠷᠪᠡ᠂ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠎ ᠲᠠᠢ ᠨᠢᠭᠲᠠ ᠬᠠᠷᠢᠯᠴᠠᠭᠰᠠᠳ ᠲᠤ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭ᠎ᠠ ᠶᠢᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ + 1 ᠤᠳᠠᠭᠠᠨ ᠤ ᠴᠢᠰᠦᠨ ᠴᠠᠶᠢᠪᠠᠩ ᠤᠨ ᠡᠰᠡᠷᠭᠦᠴᠡᠭᠴᠢ ᠪᠡᠶ᠎ᠡ ᠶᠢᠨ ᠰᠢᠯᠭᠠᠨ ᠪᠠᠶᠢᠴᠠᠭᠠᠯᠲᠠ︾ ᠬᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃       ᠲᠠᠪᠤ᠂ ᠥᠷᠭᠡᠨ ᠣᠯᠠᠨ ᠰᠠᠭᠤᠭᠠᠯᠢ ᠠᠷᠠᠳ ᠴᠢᠬᠤᠯᠠ ᠲᠠᠢ ᠪᠢᠰᠢ ᠪᠣᠯ ᠣᠶᠢᠷ᠎ᠠ ᠶᠢᠨ ᠬᠤᠭᠤᠴᠠᠭᠠᠨ ᠳᠤ ᠰᠢᠨᠵᠢᠶᠠᠩ ᠤᠨ ᠤᠶᠢᠭᠤᠷ ᠥᠨᠳᠥᠰᠥᠲᠡᠨ ᠤ ᠦᠪᠡᠷᠲᠡᠭᠡᠨ ᠵᠠᠰᠠᠬᠤ ᠣᠷᠣᠨ ᠳᠤ ᠣᠴᠢᠬᠤ ᠬᠡᠷᠡᠭ ᠦᠭᠡᠢ᠃ ᠬᠡᠷᠪᠡ ᠦᠨᠡᠬᠡᠷ ᠣᠴᠢᠬᠤ ᠴᠢᠬᠤᠯᠠ ᠲᠠᠢ ᠪᠣᠯ ᠮᠠᠨ ᠤ ᠠᠶᠢᠮᠠᠭ ᠲᠤ ᠪᠤᠴᠠᠵᠤ ᠢᠷᠡᠬᠦ ᠠᠴᠠ ᠡᠮᠦᠨ᠎ᠡ ᠪᠠᠶᠢᠭᠤᠯᠭ᠎ᠠ ᠨᠢᠭᠡᠴᠢ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶᠎ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃       ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠷᠢᠮᠲᠠᠯᠠᠵᠤ᠂ ᠭᠠᠷ ᠢᠶᠠᠨ ᠰᠠᠶᠢᠲᠤᠷ ᠤᠬᠢᠶᠠᠨ᠂ ᠦᠷᠭᠦᠯᠵᠢ ᠰᠠᠯᠬᠢ ᠨᠡᠪᠲᠡᠷᠡᠭᠦᠯᠵᠦ᠂ ᠠᠮᠤᠷ ᠲᠥᠪᠰᠢᠨ ᠨᠡᠶᠢᠭᠡᠮ ᠤᠨ ᠬᠠᠷᠢᠯᠴᠠᠭᠠᠨ ᠤ ︽ᠨᠢᠭᠡ ᠮᠧᠲᠷ︾᠎ ᠤᠨ ᠵᠠᠢ ᠶᠢ ᠪᠠᠲᠤᠯᠠᠨ᠎ᠠ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠣᠶᠢᠷ᠎ᠠ ᠬᠠᠪᠢ ᠶᠢᠨ ᠬᠠᠯᠠᠭᠤᠷᠠᠬᠤ ᠶᠢ ᠡᠮᠨᠡᠭᠦᠯᠬᠦ ᠡᠮᠨᠡᠯᠭᠡ ᠳᠤ ᠣᠴᠢᠵᠤ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠡᠮᠨᠡᠨ ᠵᠠᠰᠠᠭᠤᠯᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠪᠦᠬᠦ ᠶᠠᠪᠤᠴᠠ ᠳᠤ ᠰᠠᠶᠢᠲᠤᠷ ᠬᠢᠬᠦ ᠬᠡᠷᠡᠭᠲᠡᠢ᠃              ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ              ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                          2020 ᠣᠨ ᠤ 10 ᠰᠠᠷ᠎ᠠ ᠶᠢᠨ 26᠎ ᠤ ᠡᠳᠦᠷ
 
ᠢᠷᠡᠯᠲᠡ᠄ ᠠᠯᠠᠱᠠ ᠠᠶᠢᠮᠠᠭ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号