ᠪᠦ᠋ ᠰᠢᠶᠤᠤ ᠯᠢᠨ ᠡᠵᠡᠨ᠎ᠡ ᠬᠤᠰᠢᠭᠤᠨ ᠳᠤ ᠰᠤᠷᠭᠠᠭᠤᠯᠢ ᠶᠢᠨ ᠰᠤᠷᠭᠠᠨ ᠬᠦᠮᠦᠵᠢᠯ ᠪᠠ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/9
     10 ᠰᠠᠷ᠎ᠡ ᠶᠢᠨ 6᠎ ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠤᠩᠭᠤᠯ ᠦᠨᠳᠤᠰᠤᠳᠡᠨ ᠤ ᠰᠤᠷᠭᠠᠭᠤᠯᠢ ᠳᠤ ᠬᠦᠷᠴᠤ᠂ ᠰᠤᠷᠭᠠᠭᠤᠯᠢ ᠶᠢᠨ ᠰᠤᠷᠭᠠᠨ ᠬᠦᠮᠦᠵᠢᠯ ᠪᠠ ᠤᠯᠤᠰ ᠤᠨ ᠨᠢᠭᠡᠳᠦᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
     ᠡᠵᠡᠨ᠎ᠡ ᠬᠤᠰᠢᠭᠤᠨ ᠤ ᠮᠤᠩᠭᠤᠯ ᠦᠨᠳᠤᠰᠤᠳᠡᠨ ᠤ ᠰᠤᠷᠭᠠᠭᠤᠯᠢ ᠪᠤᠯ ᠡᠵᠡᠨ᠎ᠡ ᠬᠤᠰᠢᠭᠤᠨ ᠤ ᠴᠤᠷ ᠤᠨ ᠭᠠᠭᠴᠠ ᠶᠢᠰᠤᠨ ᠵᠢᠯ ᠤᠨ ᠲᠦᠷᠢᠮᠳᠦ ᠮᠤᠩᠭᠤᠯ ᠬᠡᠯᠡ ᠪᠠᠷ ᠬᠢᠴᠢᠶᠠᠯᠯᠡᠬᠦ ᠪᠦᠬᠦᠯᠢ ᠡᠳᠦᠷ ᠤᠨ ᠲᠦᠷᠢᠮᠳᠤ ᠰᠤᠷᠭᠠᠭᠤᠯᠢ ᠪᠤᠯᠤᠨ᠎ᠡ᠃ ᠪᠦ᠋ ᠰᠢᠶᠤᠤ ᠯᠢᠨ ᠮᠤᠩᠭᠤᠯ ᠦᠨᠳᠤᠰᠤᠳᠡᠨ ᠤ ᠰᠤᠷᠭᠠᠭᠤᠯᠢ ᠳᠤ ᠬᠦᠷᠴᠤ᠂ ᠰᠤᠷᠤᠬᠴᠢᠳ ᠤᠨ ᠬᠢᠴᠢᠶᠠᠯ ᠤᠨ ᠭᠡᠷ᠂ ᠪᠠᠶᠢᠷᠢ ᠶᠢᠨ ᠭᠡᠷ᠂ ᠬᠤᠭᠤᠯᠠᠨ ᠭᠡᠷ ᠢᠶᠠᠷ ᠤᠷᠤᠵᠤ᠂ ᠵᠢᠭᠠᠨ ᠰᠤᠷᠭᠠᠯᠳᠠ ᠶᠢᠨ ᠲᠦᠬᠦᠭᠡᠷᠤᠮᠵᠢ ᠪᠠ ᠰᠤᠷᠤᠬᠴᠢᠳ ᠤᠨ ᠬᠤᠨᠤᠵᠤ ᠬᠡᠪᠳᠡᠬᠦ᠂ ᠬᠤᠭᠤᠯᠠ ᠤᠮᠳᠠ ᠶᠢᠨ ᠨᠦᠬᠦᠴᠡᠯ ᠢ ᠨᠠᠷᠢᠨ ᠨᠢᠮᠪᠠᠢ ᠪᠠᠶᠢᠴᠠᠭᠠᠨ ᠦᠵᠡᠪᠠ᠂ ᠲᠡᠷᠡ᠂ ᠰᠤᠷᠭᠠᠭᠤᠯᠢ ᠡᠷᠬᠢᠯᠡᠬᠦ ᠨᠦᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠭᠡᠤᠭᠡᠳ ᠤᠳ ᠤᠨ ᠬᠤᠨᠤᠵᠤ ᠬᠡᠪᠳᠡᠬᠦ ᠨᠦᠬᠦᠴᠡᠯ ᠢ ᠰᠠᠶᠢᠵᠢᠷᠠᠭᠤᠯᠤᠨ᠂ ᠬᠤᠭᠤᠯᠠ ᠤᠮᠳᠠ ᠶᠢᠨ ᠠᠮᠤᠷ ᠲᠦᠪᠰᠢᠨ ᠢ ᠪᠠᠳᠤᠯᠠᠵᠤ᠂ ᠤᠳᠤ ᠦᠶ᠎ᠡ ᠶᠢᠨ ᠮᠡᠳᠡᠭᠡ ᠵᠠᠩᠭᠢᠵᠢᠯᠳᠠ ᠶᠢᠨ ᠵᠢᠭᠠᠨ ᠰᠤᠷᠭᠠᠯᠳᠠ ᠶᠢᠨ ᠲᠦᠬᠦᠭᠡᠷᠤᠮᠵᠢ ᠶᠢ ᠡᠳ᠋ᠯᠡᠬᠦᠯᠤᠨ᠂ ᠰᠤᠷᠤᠬᠴᠢᠳ ᠤᠨ ᠰᠤᠷᠤᠯᠭ᠎ᠠ ᠶᠢᠨ ᠬᠢᠷᠢ ᠲᠦᠪᠰᠢᠨ ᠪᠠ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠭᠡᠷᠡᠭᠳᠠᠢ ᠭᠡᠵᠤ ᠬᠡᠯᠡᠪᠡ᠃ ᠲᠡᠷᠡ ᠰᠤᠷᠭᠠᠭᠤᠯᠢ ᠶᠢᠨ ᠦᠨᠳᠤᠰᠤᠳᠡᠨ ᠤ ᠤᠯᠠᠮᠵᠢᠯᠠᠯᠳᠤ ᠰᠤᠶᠤᠯ ᠢ ᠪᠠᠶᠠᠴᠢᠯᠡᠨ ᠤᠢᠢᠯᠠᠭᠠᠬᠤ ᠲᠠᠰᠤᠭ ᠪᠠ ᠪᠠᠶ᠎ᠡ ᠶᠢᠨ ᠲᠠᠮᠢᠷ ᠤᠨ ᠬᠦᠳᠡᠯᠭᠡᠭᠡᠨ ᠤ ᠲᠠᠯᠠᠪᠠᠢ ᠳᠤ ᠬᠦᠷᠴᠤ᠂ ᠰᠤᠷᠭᠠᠭᠤᠯᠢ ᠶᠢᠨ ᠰᠤᠶᠤᠯ ᠪᠡᠶ᠎ᠠ ᠶᠢᠨ ᠲᠠᠮᠢᠷ ᠤᠨ ᠠᠵᠢᠯᠯᠠᠭ᠎ᠠ ᠦᠷᠨᠢᠬᠦᠯᠵᠤ ᠪᠠᠶᠢᠭ᠎ᠠ ᠪᠠᠶᠢᠳᠠᠯ ᠢ ᠤᠢᠢᠯᠠᠭᠠᠵᠤ᠂ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠨ᠂ ᠪᠠᠶᠠᠯᠢᠭ ᠠᠭᠤᠯᠭ᠎ᠠ ᠲᠠᠢ ᠰᠤᠶᠤᠯ ᠪᠡᠶ᠎ᠠ ᠶᠢᠨ ᠲᠠᠮᠢᠷ ᠤᠨ ᠠᠵᠢᠯᠯᠠᠭ᠎ᠠ ᠦᠷᠨᠢᠬᠦᠯᠵᠤ᠂ ᠰᠤᠷᠤᠬᠴᠢᠳ ᠢ ᠶᠤᠰᠤ ᠰᠤᠷᠳᠠᠬᠤᠨ ᠤᠶᠤᠨ ᠤᠬᠠᠭᠠᠨ ᠪᠠᠶ᠎ᠡ ᠶᠢᠨ ᠲᠠᠮᠢᠷ ᠭᠤᠸ᠎ᠡ ᠰᠠᠶᠢᠬᠠᠨ ᠬᠦᠳᠡᠯᠮᠤᠷᠢ ᠵᠡᠷᠭᠡ ᠪᠦᠬᠦ ᠲᠠᠯ᠎ᠡ ᠪᠠᠷ ᠬᠦᠭᠵᠢᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
     ᠰᠤᠷᠭᠠᠭᠤᠯᠢ ᠶᠢᠨ ᠬᠢᠨ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠭᠡᠷᠡᠭᠯᠡᠵᠤ ᠪᠠᠶᠢᠭ᠎ᠠ ᠪᠠᠶᠢᠳᠠᠯ ᠢ ᠤᠢᠢᠯᠠᠭᠠᠬᠰᠡᠨ ᠤ ᠲᠠᠷᠠᠭ᠎ᠠ᠂ ᠪᠦ᠋ ᠰᠢᠶᠤᠤ ᠯᠢᠨ᠂ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠭᠡᠷᠡᠭᠯᠡᠬᠦ ᠠᠵᠢᠯ ᠢ ᠰᠠᠶᠢᠳᠤᠷ ᠬᠢᠵᠤ᠂ ᠮᠤᠩᠭᠤᠯ ᠦᠨᠳᠤᠰᠤᠳᠡᠨ ᠤ ᠭᠡᠤᠭᠡᠳ ᠤᠳ ᠢ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠭᠤᠯᠵᠤ᠂ ᠬᠤᠶᠢᠰᠢᠳᠠ ᠨᠡᠩ ᠤᠯᠠᠨ ᠰᠤᠶᠤᠯ ᠮᠡᠳᠡᠯᠭᠡ ᠤᠯᠵᠤ ᠰᠤᠷᠬᠤ᠂ ᠨᠡᠶᠢᠭᠡᠮ ᠲᠠᠢ ᠨᠡᠩ ᠰᠠᠶᠢᠨ ᠠᠭᠤᠰᠤᠯᠴᠠᠬᠤ᠂ ᠦᠪᠡᠷ ᠢ ᠪᠠᠨ ᠨᠡᠩ ᠰᠠᠶᠢᠨ ᠢᠯᠡᠷᠡᠬᠦᠯᠬᠦ ᠶᠠᠪᠤᠴᠠ ᠳᠤ ᠨᠡᠩ ᠤᠯᠠᠨ ᠠᠵᠠ ᠵᠠᠪᠰᠢᠶᠠᠨ ᠲᠠᠢ ᠪᠤᠯᠭᠠᠬᠤ ᠭᠡᠷᠡᠭᠳᠠᠢ︔ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠴᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠤ᠂ ᠤᠯᠤᠰ ᠭᠡᠷ ᠨᠡᠶᠢᠭᠡᠮ ᠨᠠᠶᠢᠳᠠ ᠳᠤ ᠬᠤᠪᠢ ᠨᠠᠮᠡᠷᠢ ᠦᠵᠡᠬᠦᠯᠬᠦ ᠬᠠᠷᠢᠭᠤᠴᠠᠯᠭᠠᠳᠤ ᠰᠡᠳᠬᠢᠯᠭᠡ᠂ ᠡᠬᠦᠷᠭᠡᠳᠤ ᠪᠤᠳᠤᠯ ᠢ ᠨᠢ ᠴᠢᠩᠭᠠᠷᠠᠭᠤᠯᠪᠠᠯ᠂ ᠭᠡᠤᠭᠡᠳ ᠤᠳ ᠤᠨ ᠠᠮᠢᠳᠤᠷᠠᠬᠤᠢ ᠶᠢᠨ ᠬᠦᠰᠡᠯᠡᠩ ᠢ ᠨᠢ ᠨᠡᠩ ᠰᠠᠶᠢᠨ ᠢᠶᠠᠷ ᠪᠠᠶᠠᠯᠡᠬᠦᠯᠵᠤ᠂ ᠤᠯᠤᠰ ᠪᠠ ᠨᠡᠶᠢᠭᠡᠮ ᠳᠤ ᠨᠡᠩ ᠶᠡᠭᠡ ᠬᠤᠪᠢ ᠨᠠᠮᠡᠷᠢ ᠦᠵᠡᠬᠦᠯᠵᠤ ᠴᠢᠳᠠᠬᠤ ᠪᠤᠯᠭᠠᠬᠤ ᠶᠤᠮ ᠭᠡᠵᠤ ᠴᠢᠬᠤᠯᠠᠴᠢᠯᠠᠪᠠ᠃ ᠲᠡᠷᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠠ ᠮᠤᠩᠭᠤᠯ ᠦᠨᠳᠤᠰᠤᠳᠡᠨ ᠤ ᠰᠤᠷᠭᠠᠭᠤᠯᠢ ᠶᠢᠨ ᠬᠢᠨ ᠢ ᠠᠵᠢᠯ ᠢᠶᠠᠨ ᠰᠡᠳᠬᠢᠯ ᠲᠠᠯᠪᠢᠨ ᠰᠠᠶᠢᠳᠤᠷ ᠬᠢᠵᠤ᠂ ᠨᠡᠩ ᠬᠦᠴᠤᠳᠠᠢ ᠪᠠᠳᠤᠯᠠᠭ᠎ᠠ ᠬᠠᠨᠭ᠍ᠭᠠᠨ᠂ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠨᠡᠩ ᠴᠢᠨᠠᠷ ᠰᠠᠶᠢᠳᠠᠢ ᠠᠬᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃      ᠦᠪᠡᠷᠳᠡᠭᠡᠨ ᠵᠠᠰᠬᠠᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号