| | | 11 ᠳ᠋ᠦ᠋ᠭᠡᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠭᠤᠷᠪᠠᠳᠤᠭᠠᠷ ᠲᠣᠭᠤᠷᠢᠯ ᠵᠠᠮ ᠤᠨ ᠬᠤᠷᠴᠢᠨ | ᠲᠦᠷᠭᠡᠨ ᠬᠤᠷᠳᠤ ᠶᠢᠨ ᠵᠠᠮ ᠤᠨ ᠡᠮᠦᠨ᠎ᠡ ᠤᠮᠠᠷ᠎ᠠ ᠶᠢᠨ ᠭᠤᠤᠯ ᠱᠤᠭᠤᠮ ᠤᠨ ᠡᠯᠭᠦᠮᠡᠯ ᠬᠥᠭᠦᠷᠭᠡ ᠵᠢᠴᠢ ᠬᠥᠭᠦᠷᠭᠡᠨ | ᠳᠣᠤᠷᠠᠬᠢ ᠲᠤᠰᠠᠯᠠᠬᠤ ᠵᠠᠮ ᠨᠢ ᠠᠮᠵᠢᠯᠲᠠ ᠲᠠᠢ ᠲᠡᠷᠭᠡ ᠨᠡᠪᠲᠡᠷᠡᠵᠦ᠂ ᠬᠥᠬᠡᠬᠤᠲᠠ ᠱᠦᠸᠧᠵᠸᠥ ᠶᠢᠨ ᠥᠨᠳᠥᠷ | ᠬᠤᠷᠳᠤᠴᠠᠲᠤ ᠵᠠᠰᠠᠮᠠᠯ ᠵᠠᠮ ᠪᠠ ᠬᠤᠲᠠ ᠶᠢ ᠲᠣᠭᠤᠷᠢᠭᠰᠠᠨ ᠥᠨᠳᠥᠷ ᠬᠤᠷᠳᠤᠴᠠᠲᠤ ᠵᠠᠰᠠᠮᠠᠯ ᠵᠠᠮ ᠢᠶᠠᠷ ᠳᠠᠮᠵᠢᠨ | ᠡᠮᠦᠨᠡᠰᠢ ᠠᠶᠠᠯᠠᠬᠤ ᠲᠡᠷᠭᠡ ᠬᠥᠰᠬᠡ ᠶᠢᠨ ᠳᠠᠷᠤᠯᠲᠠ ᠶᠢ ᠶᠡᠭᠡ ᠪᠠᠷ ᠨᠠᠮᠳᠠᠭᠤᠯᠪᠠ᠃ ᠬᠤᠷᠴᠢᠨ ᠲᠦᠷᠭᠡᠨ | ᠬᠤᠷᠳᠤ ᠶᠢᠨ ᠵᠠᠮ ᠤᠨ ᠡᠮᠦᠨ᠎ᠡ ᠤᠮᠠᠷ᠎ᠠ ᠶᠢᠨ ᠭᠤᠤᠯ ᠱᠤᠭᠤᠮ ᠤᠨ ᠡᠯᠭᠦᠮᠡᠯ ᠬᠥᠭᠦᠷᠭᠡ ᠶᠢᠨ ᠡᠮᠦᠨᠡᠰᠢ ᠪᠠᠨ | ᠰᠠᠶᠢᠬᠠᠨ ᠲᠣᠭᠤᠷᠢᠭ ᠤᠨ ᠯᠢᠦ ᠵᠢᠤᠢ ᠨᠢᠤ ᠲᠣᠰᠬᠤᠨ ᠤ ᠴᠠᠮᠬᠠᠭ᠂ ᠬᠤᠶᠢᠰᠢ ᠪᠠᠨ ᠵᠡᠭᠦᠨ ᠬᠦ ᠯᠧᠦ ᠲᠣᠰᠬᠤᠨ | ᠬᠦᠷᠲᠡᠯ᠎ᠡ ᠨᠡᠶᠢᠲᠡ 1.1 ᠺᠢᠯᠣᠮᠧᠲᠷ᠂ ᠬᠤᠣᠰ ᠴᠢᠭᠯᠡᠯᠲᠦ ᠵᠢᠷᠭᠤᠭᠠᠨ ᠲᠡᠷᠭᠡᠨ ᠵᠠᠮ᠂ ᠵᠢᠷᠤᠵᠤ ᠲᠥᠯᠥᠪᠯᠡᠭᠰᠡᠨ | ᠴᠠᠭ ᠤᠨ ᠬᠤᠷᠳᠤᠴᠠ ᠨᠢ 80km/h ᠪᠣᠯᠤᠨ᠎ᠠ᠃ ᠲᠤᠰ ᠲᠥᠷᠥᠯ ᠵᠦᠢᠯ ᠢ ᠳᠤᠮᠳᠠᠳᠤ ᠤᠯᠤᠰ ᠤᠨ | ᠪᠠᠷᠢᠯᠭ᠎ᠠ ᠶᠢᠨ ᠳᠣᠯᠣᠳᠤᠭᠠᠷ ᠪᠠᠷᠢᠯᠭ᠎ᠠ ᠶᠢᠨ ᠲᠣᠪᠴᠢᠶ᠎ᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠵᠤ᠂ | ᠡᠮᠦᠨ᠎ᠡ ᠤᠮᠠᠷ᠎ᠠ ᠶᠢᠨ ᠭᠤᠣᠯ ᠱᠣᠭᠤᠮ ᠢ ᠬᠤᠯᠪᠣᠭᠰᠠᠨ ᠪᠠᠭᠠᠯᠵᠠᠭᠤᠷ ᠤᠨ ᠪᠣᠭᠤᠮᠲᠠ ᠪᠣᠯᠬᠤᠷ ᠬᠥᠬᠡᠬᠤᠲᠠ ᠶᠢᠨ | ᠭᠤᠷᠪᠠᠳᠤᠭᠠᠷ ᠲᠣᠭᠤᠷᠢᠯ ᠵᠠᠮ ᠤᠨ ᠴᠠᠭ ᠲᠤ ᠪᠠᠨ ᠪᠦᠬᠦ ᠱᠤᠭᠤᠮ ᠢᠶᠠᠷ ᠨᠡᠪᠲᠡᠷᠡᠬᠦ ᠡᠰᠡᠬᠦ ᠶᠢᠨ ᠵᠠᠩᠭᠢᠯᠠᠭ᠎ᠠ ᠶᠢᠨ | ᠴᠡᠭ ᠪᠣᠯᠤᠨ᠎ᠠ᠃ |