ᠬᠥᠬᠡᠬᠤᠲᠠ ᠵᠠᠰᠠᠭ ᠵᠠᠬᠢᠷᠭᠠᠨ ᠤ ᠬᠢᠨᠠᠨ ᠵᠥᠪᠰᠢᠶᠡᠯ ᠤᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2020/11/10
     ᠣᠶᠢᠷ᠎ᠠ ᠳᠤ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠲᠠ ᠶᠢᠨ ᠤᠰᠤ ᠬᠠᠩᠭᠠᠬᠤ ᠪᠠ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠬᠤᠩ ᠱᠧᠩ ᠳᠣᠭᠢᠷᠠᠭᠤᠯᠤᠨ ᠬᠠᠳᠠᠭᠠᠯᠠᠬᠤ ᠪᠠ ᠳᠠᠷᠤᠯᠲᠠ ᠨᠡᠮᠡᠬᠦ ᠥᠷᠲᠡᠭᠡ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠠᠩᠬᠠᠳᠠᠭᠴᠢ ᠡᠯᠧᠺᠲᠷᠣᠨ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠦᠢᠯᠡᠳᠴᠦ ᠣᠯᠭᠤᠪᠠ᠃ ᠡᠯᠧᠺᠲᠷᠣᠨ ᠦᠨᠡᠮᠯᠡᠯ ᠢ ᠬᠡᠷᠡᠭᠵᠢᠭᠦᠯᠦᠭᠰᠡᠨ ᠨᠢ ᠪᠣᠯ ᠮᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠪᠠᠷᠢᠯᠭ᠎ᠠ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠶᠡᠬᠡᠪᠡᠷ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 10 ᠳ᠋ᠤᠭᠠᠷ ᠰᠠᠷ᠎ᠠ ᠶᠢᠨ 20᠎ ᠤ ᠡᠳᠦᠷ ᠠᠴᠠ ᠡᠬᠢᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠤᠩᠭᠤᠬᠤ ᠰᠠᠨᠠᠯ ᠤᠨ ᠪᠢᠴᠢᠭ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ ᠵᠡᠷᠭᠡ ᠣᠯᠭᠤᠬᠤ ᠳᠠᠪᠲᠠᠮᠵᠢ ᠪᠠᠷ ᠨᠡᠯᠢᠶᠡᠳ ᠥᠨᠳᠥᠷ ᠦᠨᠡᠮᠯᠡᠯ ᠢ ᠬᠢᠨᠠᠨ ᠣᠯᠭᠤᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠯᠧᠺᠲᠷᠣᠨ ᠦᠨᠡᠮᠯᠡᠯ ᠢ ᠪᠦᠬᠦ ᠲᠠᠯ᠎ᠠ ᠪᠠᠷ ᠡᠬᠢᠯᠡᠨ ᠬᠡᠷᠡᠭᠯᠡᠪᠡ᠃ ᠠᠵᠢᠯᠯᠠᠭᠠᠨ ᠤ ᠬᠤᠭᠤᠴᠠᠭᠠᠨ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠢᠨᠠᠨ ᠵᠥᠪᠰᠢᠶᠡᠷᠡᠬᠦ ᠠᠵᠢᠯᠲᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠦᠨᠡᠮᠯᠡᠯ ᠦᠢᠯᠡᠳᠬᠦ᠂ ᠲᠠᠮᠠᠭ᠎ᠠ ᠳᠠᠷᠤᠬᠤ ᠭᠤᠭᠴᠤᠭ᠎ᠠ ᠶᠢ ᠰᠣᠩᠭᠤᠪᠠᠯ ᠳᠠᠷᠤᠶ ᠡᠯᠧᠺᠲᠷᠣᠨ ᠭᠡᠷᠡᠴᠢ ᠦᠨᠡᠮᠯᠡᠯ ᠢ ᠦᠢᠯᠡᠳᠴᠦ ᠣᠯᠭᠤᠵᠤ ᠪᠣᠯᠤᠨ᠎ᠠ︔ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ ᠤᠨ ᠡᠯᠧᠺᠲᠷᠣᠨ ᠦᠨᠡᠮᠯᠡᠯ ᠤᠨ ᠬᠥᠮᠥᠷᠭᠡ ᠪᠠᠷ ᠡᠯᠧᠺᠲᠷᠣᠨ ᠦᠨᠡᠮᠯᠡᠯ ᠢᠶᠠᠨ ᠪᠠᠶᠢᠴᠠᠭᠠᠨ ᠯᠠᠪᠯᠠᠵᠤ ᠪᠣᠯᠬᠤ ᠪᠦᠭᠡᠳ ᠭᠤᠶᠤᠴᠢᠯᠠᠭᠴᠢ ᠭᠤᠶᠤᠴᠢᠯᠠᠨ ᠮᠡᠳᠡᠭᠦᠯᠦᠭᠰᠡᠨ ᠲᠠᠩᠰᠠᠨ ᠨᠣᠮᠧᠷ ᠲᠤ ᠭᠠᠷᠴᠤ ᠡᠯᠧᠺᠲᠷᠣᠨ ᠦᠨᠡᠮᠯᠡᠯ ᠢ ᠪᠠᠭᠤᠯᠭᠠᠨ ᠠᠪᠴᠤ ᠬᠠᠳᠠᠭᠠᠯᠠᠵᠤ ᠪᠣᠯᠤᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰ ᠲᠤ ᠪᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡᠯᠧᠺᠲᠷᠣᠨ ᠭᠡᠷᠡᠴᠢ ᠦᠨᠡᠮᠯᠡᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠰᠢᠢᠳᠪᠦᠷᠢᠯᠡᠬᠦ ᠦᠨᠳᠦᠰᠦᠯᠡᠯ ᠪᠣᠯᠭᠠᠵᠤ ᠪᠣᠯᠤᠨ᠎ᠠ᠃      ᠡᠯᠧᠺᠲᠷᠣᠨ ᠦᠨᠡᠮᠯᠡᠯ ᠢ ᠪᠦᠬᠦ ᠲᠠᠯ᠎ᠠ ᠪᠠᠷ ᠡᠬᠢᠯᠡᠨ ᠬᠡᠷᠡᠭᠯᠡᠭᠰᠡᠨ ᠶᠠᠪᠤᠳᠠᠯ ᠨᠢ ᠪᠦᠬᠦ ᠶᠠᠪᠤᠴᠠ ᠶᠢ ᠡᠯᠧᠺᠲᠷᠣᠨᠴᠢᠯᠡᠨ ᠬᠢᠨᠠᠨ ᠵᠥᠪᠰᠢᠶᠡᠷᠡᠬᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠪᠠᠷ ᠳᠠᠮᠵᠢᠨ᠂ ᠭᠤᠶᠤᠴᠢᠯᠠᠭᠴᠢ ᠬᠢᠨᠠᠨ ᠵᠥᠪᠰᠢᠶᠡᠷᠡᠬᠦ ᠴᠣᠩᠬᠤᠪᠴᠢ ᠳᠤ ᠣᠴᠢᠵᠤ ᠭᠡᠷᠡᠴᠢ ᠦᠨᠡᠮᠯᠡᠯ ᠠᠪᠬᠤ ᠴᠢᠬᠤᠯᠠ ᠦᠭᠡᠢ ᠪᠣᠯᠵᠤ᠂ ᠠᠵᠤ ᠠᠬᠤᠶᠢᠯᠠᠯ ᠤᠨ ᠦᠨᠡᠮᠯᠡᠯ ᠠᠪᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠂ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠴᠠᠭ ᠢ ᠪᠣᠭᠤᠨᠢᠰᠬᠠᠪᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣ ᠭᠡᠷᠡᠴᠢ ᠦᠨᠡᠮᠯᠡᠯ ᠤᠨ ᠬᠥᠮᠥᠷᠭᠡ ᠳᠠᠬᠢ ᠡᠯᠧᠺᠲᠷᠣᠨ ᠭᠡᠷᠡᠴᠢ ᠦᠨᠡᠮᠯᠡᠯ ᠢ ᠰᠢᠯᠵᠢᠭᠦᠯᠦᠨ ᠬᠡᠷᠡᠭᠯᠡᠬᠦ ᠪᠠᠷ ᠳᠠᠮᠵᠢᠨ ᠬᠠᠮᠢᠶ᠎ᠠ ᠪᠦᠬᠦᠢ ᠮᠠᠲ᠋ᠧᠷᠢᠶᠠᠯ ᠢ ᠬᠠᠮᠲᠤᠪᠠᠷ ᠬᠦᠷᠲᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠶᠡᠬᠡᠪᠡᠷ ᠲᠦᠯᠬᠢᠨ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号