| | | ᠣᠶᠢᠷ᠎ᠠ ᠶᠢᠨ ᠵᠢᠯ ᠤᠨ ᠲᠤᠷᠰᠢ᠂ ᠪᠤᠭᠤᠲᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ ᠶᠢ | ᠪᠠᠷᠢᠮᠲᠠᠯᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠳᠠᠭᠠᠭᠤᠯᠤᠭᠴᠢ ᠪᠣᠯᠭᠠᠵᠤ᠂ ᠬᠤᠪᠣᠷ ᠰᠢᠷᠣᠶ ᠶᠢᠨ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠠᠰᠤᠷᠠᠯᠲᠠ ᠥᠬᠡᠶ ᠠᠬᠢᠭᠤᠯᠤᠭᠰᠠᠭᠠᠷ ᠢᠷᠡᠪᠡ᠃ ᠪᠤᠭᠤᠲᠤ | ᠬᠤᠲᠠ ᠶᠢᠨ ᠠᠩᠬᠠᠳᠤᠭᠠᠷ ᠪᠦᠯᠦᠭ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠬᠡᠯᠪᠡᠷᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠳᠤ᠂ ᠥᠨᠳᠥᠷ ᠴᠢᠳᠠᠪᠬᠢᠲᠤ ᠺᠤᠫᠧᠷ ᠪᠤᠷ ᠤᠨ ᠠᠵᠤ | ᠦᠢᠯᠡᠰᠵᠢᠯᠲᠡ ᠶᠢᠨ ᠲᠥᠷᠥᠯ ᠵᠦᠢᠯ ᠢ ᠶᠠᠭ ᠱᠠᠯᠠᠪᠳᠠᠨ ᠠᠬᠢᠭᠤᠯᠵᠤ ᠪᠣᠢ᠂ ᠲᠥᠷᠥᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ 3000 ᠲᠣᠨ ᠺᠤᠫᠧᠷ ᠪᠤᠷ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠪᠥᠭᠡᠳ | ᠰᠢᠨ᠎ᠡ ᠡᠨᠧᠷᠭᠢ ᠶᠢᠨ ᠮᠠᠰᠢᠨ ᠲᠡᠷᠭᠡ᠂ ᠰᠠᠯᠬᠢᠨ ᠬᠦᠴᠦᠨ ᠤ ᠴᠠᠬᠢᠯᠭᠠᠨ ᠭᠠᠷᠭᠠᠯᠲᠠ᠂ ᠡᠮᠴᠢᠯᠡᠭᠡᠨ ᠤ ᠪᠠᠭᠠᠵᠢ | ᠬᠡᠷᠡᠭᠰᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠠᠵᠤ ᠦᠢᠯᠡᠳᠪᠦᠷᠢ ᠵᠡᠷᠭᠡ ᠬᠦᠷᠢᠶᠡᠨ ᠳᠤ | ᠥᠷᠭᠡᠨ ᠢᠶᠠᠷ ᠬᠡᠷᠡᠭᠯᠡᠭᠳᠡᠵᠦ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠳᠡᠰ ᠳᠡᠪᠰᠢᠬᠦ ᠳᠤ | ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ | | |