11 ᠳ᠋ᠦ᠋ᠭᠡᠷ ᠰᠠᠷ᠎ᠠ ᠶᠢᠨ 10 ᠤ ᠡᠳᠦᠷ᠂ ᠠᠯᠠᠱᠠ ᠠᠶᠢᠮᠠᠭ ᠤᠨ ᠠᠵᠢᠯ ᠣᠯᠭᠤᠵᠤ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠪᠲᠤᠯᠤᠯᠲᠠ ᠶᠢᠨ ᠤᠯᠠᠷᠢᠯ ᠤᠨ ᠲᠤᠰᠬᠠᠶ ᠠᠵᠢᠯᠲᠠᠨ ᠡᠯᠰᠡᠬᠦ ᠬᠤᠷᠠᠯ ᠠᠯᠠᠱᠠ ᠵᠡᠭᠦᠨ | ᠬᠤᠰᠢᠭᠤᠨ ᠳᠤ ᠶᠠᠪᠤᠭᠳᠠᠪᠠ᠃ ᠥᠪᠥᠷ ᠮᠣᠩᠭᠤᠯ ᠤᠨ ᠴᠢᠩ ᠬᠤᠸᠠ ᠪᠦᠯᠦᠭᠯᠡᠯ᠂ ᠥᠪᠥᠷ ᠮᠣᠩᠭᠤᠯ ᠤᠨ ᠲᠠᠶᠢᠰᠢ | ᠨᠡᠭᠦᠷᠡᠰᠦᠨ ᠤ ᠪᠦᠯᠦᠭᠯᠡᠯ᠂ ᠥᠪᠥᠷ ᠮᠣᠩᠭᠤᠯ ᠤᠨ ᠬᠠᠯᠠᠭᠤᠨ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ 106 | ᠠᠵᠤ ᠠᠬᠤᠶᠢᠯᠠᠯ ᠲᠠᠯᠠᠪᠠᠢ ᠳᠤ ᠣᠷᠣᠵᠤ ᠠᠵᠢᠯᠲᠠᠨ ᠡᠯᠰᠡᠵᠦ᠂ 2100 ᠭᠠᠷᠤᠶ ᠠᠵᠢᠯ ᠤᠨ ᠪᠠᠶᠢᠷᠢ ᠬᠠᠩᠭᠠᠪᠠ᠂ | ᠡᠨᠡ ᠨᠢ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠪᠣᠯᠪᠠᠰᠤᠷᠠᠭᠤᠯᠬᠤ᠂ ᠭᠡᠷ ᠠᠬᠤᠶ ᠶᠢᠨ ᠦᠢᠯᠡᠴᠢᠯᠡᠭᠡ᠂ | ᠢᠳᠡᠭᠡᠨ ᠤᠮᠳᠠᠭᠠᠨ᠂ ᠵᠢᠭᠤᠯᠴᠢᠯᠠᠯ᠂ ᠳᠠᠭᠠᠳᠬᠠᠯ ᠵᠡᠷᠭᠡ ᠣᠯᠠᠨ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ | ᠬᠤᠯᠪᠣᠭᠳᠠᠵᠤ᠂ ᠲᠤᠬᠠᠶ ᠶᠢᠨ ᠲᠠᠯᠠᠪᠠᠶ ᠳᠤ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ ᠣᠷᠣᠨ ᠲᠣᠬᠢᠷᠠᠭᠤᠯᠵᠤ᠂ | ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠣᠯᠭᠤᠯᠲᠠ ᠶᠢᠨ ᠪᠣᠯᠪᠠᠰᠤᠷᠠᠯ᠂ ᠠᠵᠢᠯ ᠠᠯᠳᠠᠭᠰᠠᠳ ᠤᠨ | ᠳᠠᠭᠠᠳᠬᠠᠯ᠂ ᠠᠵᠢᠯ ᠣᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ | ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠤᠨ ᠲᠣᠬᠢᠷᠠᠮᠵᠢᠲᠠᠶ ᠠᠵᠢᠯ ᠣᠯᠬᠤ ᠶᠢ ᠦᠨᠡᠨ ᠬᠦ ᠪᠠᠲᠤᠯᠠᠨ᠂ | ᠭᠦᠢᠴᠡᠳ ᠠᠵᠢᠯ ᠣᠯᠭᠤᠬᠤ ᠶᠢ ᠪᠡᠶᠡᠯᠡᠭᠦᠯᠪᠡ᠃ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠳᠤ᠂ | 105 ᠬᠥᠮᠦᠨ ᠳᠤ ᠠᠵᠢᠯ ᠣᠯᠭᠤᠬᠤ ᠰᠠᠨᠠᠮᠵᠢ ᠠᠩᠬ᠎ᠠ ᠠᠯᠬᠤᠮ ᠲᠣᠬᠢᠷᠠᠯᠴᠠᠵᠤ᠂ ᠡᠭᠦᠨ ᠳᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ 86 ᠬᠥᠮᠦᠨ ᠪᠣᠶ᠃ ᠡᠭᠦᠨ ᠤ ᠬᠠᠮᠲᠤ᠂ ᠠᠵᠢᠯᠲᠠᠨ ᠡᠯᠰᠡᠬᠦ ᠬᠤᠷᠠᠯ ᠨᠢ ︽ | ᠳᠥᠷᠪᠡ ᠶᠢ ᠨᠢᠭᠡ ᠴᠣᠭᠴᠠᠵᠢᠭᠤᠯᠤᠭᠰᠠᠨ︾ ᠠᠵᠢᠯ ᠣᠯᠭᠤᠬᠤ ᠦᠢᠯᠡᠴᠢᠯᠡᠭᠡᠨ ᠤ ᠡᠭᠦᠯᠡᠨ ᠲᠠᠪᠴᠠᠩ᠂ ︽ᠥᠪᠥᠷ | ᠮᠣᠩᠭᠤᠯ ᠤᠨ ᠡᠭᠦᠯᠡᠨ ᠲᠠᠪᠴᠠᠩ︾᠂ ︽ᠠᠯᠠᠱᠠ ᠶᠢᠨ ᠠᠵᠢᠯᠲᠠᠨ ᠡᠯᠰᠡᠬᠦ ᠰᠦᠯᠵᠢᠶ᠎ᠡ︾ ᠳᠤ ᠲᠦᠰᠢᠭᠯᠡᠨ | ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠲᠤᠰᠬᠠᠶ ᠠᠵᠢᠯᠯᠠᠭ᠎ᠠ ᠥᠷᠨᠢᠭᠦᠯᠵᠦ᠂ ᠠᠵᠢᠯ ᠡᠷᠢᠭᠰᠡᠳ ᠲᠤ ᠮᠡᠳᠡᠭᠡ | ᠵᠠᠩᠭᠢ ᠰᠣᠯᠢᠯᠴᠠᠬᠤ᠂ ᠡᠬᠢ ᠪᠠᠶᠠᠯᠢᠭ ᠢ ᠬᠠᠮᠲᠤᠪᠠᠷ ᠬᠦᠷᠲᠡᠬᠦ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ | ᠬᠠᠷᠢᠯᠴᠠᠨ ᠬᠥᠳᠡᠯᠦᠯᠴᠡᠬᠦ ᠲᠠᠪᠴᠠᠩ ᠪᠠᠶᠢᠭᠤᠯᠤᠨ ᠥᠭᠴᠥ᠂ ᠲᠤᠬᠠᠶ ᠶᠢᠨ ᠲᠠᠯᠠᠪᠠᠢ ᠳᠤ ᠠᠵᠤ ᠠᠬᠤᠶᠢᠯᠠᠯ ᠪᠠ | ᠠᠵᠢᠯ ᠡᠷᠢᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶᠢᠲᠡᠯᠡᠬᠦ ᠪᠠ | ᠠᠵᠢᠯ ᠣᠯᠬᠤ ᠬᠦᠰᠡᠯ ᠡᠷᠡᠮᠡᠯᠵᠡᠯ ᠢ ᠪᠦᠷᠢᠳᠬᠡᠵᠦ᠂ ᠡᠭᠦᠨ ᠤ ᠤᠯᠠᠮ ᠢᠶᠠᠷ ᠠᠵᠢᠯ ᠣᠯᠭᠤᠬᠤ ᠪᠠ ᠠᠵᠢᠯᠲᠠᠨ | ᠡᠯᠰᠡᠬᠦ ᠳᠤ ︽ᠠᠭᠤᠯᠵᠠᠬᠤ ᠥᠬᠡᠶ︾᠂ ︽ᠠᠶᠠᠨ ᠵᠠᠮ ᠬᠥᠭᠡᠭᠡᠬᠦ ᠦᠭᠡᠢ︾ ᠪᠠᠶᠢᠬᠤ ᠶᠢ ᠪᠡᠶᠡᠯᠡᠭᠦᠯᠵᠦ᠂ ᠠᠵᠢᠯ | ᠣᠯᠭᠤᠯᠲᠠ ᠶᠢᠨ ᠲᠣᠬᠢᠷᠠᠭᠤᠯᠤᠯᠲᠠ ᠶᠢ ᠲᠠᠰᠤᠷᠠᠭᠤᠯᠬᠤ ᠦᠭᠡᠢ ᠪᠣᠯᠭᠠᠵᠠᠢ᠃ ᠰᠦᠯᠵᠢᠶᠡᠨ ᠳᠡᠭᠡᠷ᠎ᠡ ᠠᠵᠢᠯᠲᠠᠨ | ᠡᠯᠰᠡᠬᠦ ᠲᠤᠰᠬᠠᠶ ᠲᠣᠭᠤᠷᠢᠭ ᠲᠤ᠂ ᠨᠡᠶᠢᠲᠡ 83 ᠠᠵᠤ ᠠᠬᠤᠶᠢᠯᠠᠯ ᠠᠵᠢᠯᠲᠠᠨ ᠡᠯᠰᠡᠵᠦ᠂ ᠬᠤᠪᠢ ᠬᠥᠮᠦᠨ ᠤ | ᠠᠵᠢᠯ ᠡᠷᠢᠬᠦ 181 ᠲᠣᠪᠴᠢ ᠨᠠᠮᠲᠠᠷ ᠢ 355 ᠤᠳᠠᠭ᠎ᠠ ᠬᠦᠷᠭᠡᠵᠡᠶ᠃ ᠠᠵᠢᠯᠲᠠᠨ ᠡᠯᠰᠡᠬᠦ ᠬᠤᠷᠠᠯ ᠤᠨ | ᠬᠤᠭᠤᠴᠠᠭᠠᠨ ᠳᠤ᠂ ᠵᠡᠭᠦᠨ ᠪᠠᠷᠠᠭᠤᠨ ᠣᠷᠣᠨ ᠤ ᠠᠵᠢᠯ ᠤᠨ ᠪᠠᠶᠢᠷᠢ ᠶᠢ ᠵᠣᠯᠭᠠᠭᠤᠯᠬᠤ ᠦᠢᠯᠡᠴᠢᠯᠡᠭᠡ ᠶᠢ | ᠢᠳᠡᠪᠬᠢᠲᠡᠢ ᠰᠠᠶᠢᠲᠤᠷ ᠬᠢᠵᠦ᠂ ᠱᠠᠩᠬᠠᠶ ᠬᠤᠲᠠ ᠵᠡᠷᠭᠡ ᠮᠤᠵᠢ ᠶᠢᠨ ᠭᠠᠳᠠᠨᠠᠬᠢ ᠠᠵᠢᠯ ᠤᠨ ᠪᠠᠶᠢᠷᠢ ᠶᠢ 4.8 | ᠲᠦᠮᠨ ᠨᠡᠶᠢᠲᠡᠯᠡᠵᠦ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢᠯᠡᠭᠴᠢᠳ ᠲᠤ ᠭᠠᠳᠠᠭᠰᠢ | ᠭᠠᠷᠴᠤ ᠠᠵᠢᠯ ᠣᠯᠬᠤ ᠲᠣᠬᠢᠶᠠᠯ ᠣᠯᠭᠤᠵᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠶᠢ | ᠪᠡᠶᠡᠯᠡᠭᠦᠯᠵᠡᠢ᠃ |