ᠤᠯᠠᠭᠠᠨᠬᠤᠸᠠ ᠪᠠᠯᠭᠠᠰᠤ ᠶᠢ ᠳᠥᠷᠪᠡᠳ ᠬᠤᠰᠢᠭᠤᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠲᠤ ᠣᠷᠣᠭᠤᠯᠬᠤ ᠶᠢ  ᠵᠥᠪᠰᠢᠶᠡᠷᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤ ᠴᠣᠬᠤᠯᠲᠠ
ᠨᠡᠶᠢᠲᠡᠯᠡᠭᠰᠡᠨ ᠴᠠᠭ᠄
2020/11/16
                      ᠦᠪᠦᠷ ᠵᠠᠰᠠᠭ ᠦᠰᠦᠭ ﹇2020﹈ 89 ᠳ᠋ᠦ᠋ᠭᠡᠷ ᠲᠣᠭᠠᠲᠤ    ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄      ᠲᠠᠨ ᠤ ᠬᠤᠲᠠ ᠶᠢᠨ ︽ᠤᠯᠠᠭᠠᠨᠬᠤᠸᠠ ᠪᠠᠯᠭᠠᠰᠤ ᠶᠢ ᠳᠥᠷᠪᠡᠳ ᠬᠤᠰᠢᠭᠤᠨ ᠤ ᠤᠯᠤᠰ ᠤᠨ ᠭᠤᠤᠯᠳᠠᠯᠭ᠎ᠠ ᠲᠠᠢ ᠭᠤᠤᠯ ᠴᠣᠭᠴᠠ ᠶᠢᠨ ᠴᠢᠳᠠᠮᠵᠢᠲᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠣᠯᠭᠠᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠤᠯᠠᠭᠠᠨᠴᠠᠪ ᠵᠠᠰᠠᠭ ᠲᠠᠷᠬᠠᠭᠠᠭᠰᠠᠨ  ﹇2020﹈ 88 ᠳ᠋ᠤᠭᠠᠷ ᠲᠣᠭᠠᠲᠤ︶ ᠶᠢ ᠭᠠᠷᠳᠠᠪᠠ᠃ ᠰᠤᠳᠤᠯᠤᠭᠠᠳ᠂ ᠡᠳᠦᠭᠡ ᠳᠣᠤᠷᠠᠬᠢ ᠮᠡᠲᠦ ᠬᠠᠷᠢᠭᠤ ᠴᠣᠬᠤᠯᠠᠪᠤᠷᠢᠯᠠᠪᠠ᠄      ᠨᠢᠭᠡ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ︾ ᠳᠠᠬᠢ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠲᠤ ᠣᠷᠣᠭᠤᠯᠬᠤ ᠶᠢ ᠵᠥᠪᠰᠢᠶᠡᠷᠡᠨ᠎ᠡ︔ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠮᠢ ᠠᠬᠤᠢ ᠶᠢᠨ ᠴᠢᠳᠠᠮᠵᠢᠲᠤ ᠣᠷᠣᠨ ᠤ ᠲᠠᠯᠠᠪᠠᠢ ᠶᠢ  ᠨᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠂ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ︽ᠨᠡᠷᠡᠰ ᠲᠤ ᠨᠢᠭᠡ ᠶᠢ ᠣᠷᠣᠭᠤᠯᠪᠠᠯ ᠨᠢᠭᠡ ᠶᠢ ᠨᠢ ᠭᠠᠷᠭᠠᠬᠤ︾ ᠶᠢ ᠦᠨᠳᠦᠰᠦᠨ ᠳᠤ ᠪᠠᠨ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠬᠦ ᠶᠢᠨ ᠲᠤᠰᠠᠳᠠ᠂ ᠳᠥᠷᠪᠡᠳ ᠬᠤᠰᠢᠭᠤᠨ ᠤ ᠵᠠᠩᠭᠠᠨ ᠰᠤᠮᠤ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ︾ ᠳᠠᠬᠢ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠠᠴᠠ ᠭᠠᠷᠭᠠᠬᠤ ᠶᠢ ᠵᠥᠪᠰᠢᠶᠡᠷᠡᠪᠡ᠃      ᠬᠤᠶᠠᠷ᠂ ᠲᠠᠨ ᠤ ᠬᠤᠲᠠ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠶᠢ ᠲᠣᠬᠢᠷᠠᠭᠤᠯᠬᠤ ᠳᠤ ᠪᠠᠨ᠂ ᠤᠯᠤᠰ ᠤᠨ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ᠂ ᠠᠮᠢ ᠠᠬᠤᠶ ᠪᠦᠲᠦᠭᠡᠭᠳᠡᠬᠦᠨ ᠬᠠᠩᠭᠠᠬᠤ ᠴᠢᠳᠠᠪᠤᠷᠢ ᠪᠠᠨ ᠴᠢᠩᠭᠠᠷᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠣᠯᠣᠭᠰᠠᠨ ᠤ ᠬᠤᠪᠢ ᠳᠤ ᠴᠢᠬᠤᠯᠠ ᠪᠦᠬᠦᠢ ᠠᠵᠤ ᠦᠢᠯᠡᠳᠪᠦᠷᠢᠵᠢᠬᠦ᠂ ᠬᠤᠲᠠ ᠪᠠᠯᠭᠠᠰᠤᠴᠢᠯᠠᠬᠤ ᠪᠦᠲᠦᠭᠡᠨ ᠪᠠᠶᠢᠭᠤᠯᠤᠯᠲᠠ ᠬᠢᠬᠦ ᠳᠤ ᠪᠠᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠠ ᠭᠠᠵᠠᠷ ᠰᠢᠷᠣᠢ ᠶᠢ ᠠᠷᠪᠢᠲᠠᠶ ᠪᠥᠭᠡᠳ ᠡᠷᠴᠢᠮᠯᠢᠭ ᠬᠡᠷᠡᠭᠯᠡᠬᠦ ᠳᠦᠷᠢᠮ ᠤᠳ ᠢ ᠪᠠᠷᠢᠮᠲᠠᠯᠠᠨ᠂ ᠠᠮᠢ ᠠᠬᠤᠶ ᠣᠷᠴᠢᠨ ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠢ ᠵᠠᠪᠠᠯ ᠬᠠᠮᠢᠶᠠᠷᠤᠨ ᠡᠵᠡᠮᠳᠡᠵᠦ ᠬᠢᠵᠠᠭᠠᠷᠯᠠᠬᠤ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠ ᠤᠯᠤᠰ ᠤᠨ ᠨᠤᠲᠤᠭ ᠲᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠬᠦ ᠳᠤ ᠲᠣᠬᠢᠷᠠᠬᠤ ᠴᠢᠨᠠᠷ ᠢ ᠨᠢ ᠦᠨᠳᠦᠰᠦᠯᠡᠨ᠂ ᠨᠡᠭᠡᠭᠡᠨ ᠬᠥᠭᠵᠢᠭᠦᠯᠬᠦ ᠡᠷᠴᠢᠮ ᠢᠶᠠᠨ ᠵᠣᠬᠢᠰᠲᠠᠶ ᠬᠢᠵᠠᠭᠠᠷᠯᠠᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠢᠭᠡᠳ ᠠᠵᠤ ᠦᠢᠯᠡᠳᠪᠦᠷᠢ ᠶᠢᠨ ᠨᠡᠭᠡᠭᠡᠯᠲᠡ ᠬᠥᠭᠵᠢᠯᠲᠡ ᠶᠢ ᠰᠢᠶᠠᠩ ᠪᠠᠯᠭᠠᠰᠤᠨ ᠤ ᠲᠥᠯᠥᠪᠵᠢᠭᠦᠯᠦᠭᠰᠡᠨ ᠪᠦᠲᠦᠭᠡᠨ ᠪᠠᠶᠢᠭᠤᠯᠬᠤ ᠪᠠᠷ ᠬᠡᠷᠡᠭᠯᠡᠬᠦ ᠭᠠᠵᠠᠷ ᠲᠤ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠨᠡᠭᠡᠭᠡᠨ ᠬᠥᠭᠵᠢᠭᠦᠯᠬᠦ ᠪᠠᠷ ᠬᠥᠲᠥᠯᠥᠨ ᠵᠢᠯᠣᠭᠤᠳᠬᠤ ᠬᠡᠷᠡᠭᠲᠡᠢ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃  ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠳᠠ ᠪᠠᠯᠭᠠᠰᠤᠨ ᠤ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠲᠥᠯᠥᠪᠵᠢᠭᠦᠯᠵᠦ᠂ ᠠᠵᠤ ᠠᠬᠤᠶ ᠶᠢᠨ ᠪᠦᠲᠦᠴᠡ ᠶᠢ ᠲᠦᠷᠭᠡᠪᠴᠢᠯᠡᠨ ᠰᠢᠯᠢᠳᠡᠭᠵᠢᠭᠦᠯᠵᠦ ᠲᠣᠬᠢᠷᠠᠭᠤᠯᠤᠨ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃      ᠭᠤᠷᠪᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠪᠠ ᠬᠠᠮᠢᠶ᠎ᠠ ᠪᠦᠬᠦᠢ ᠳᠡᠰ ᠳᠠᠷᠠᠭᠠᠯᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠠᠨ ᠲᠣᠬᠢᠷᠠᠭᠤᠯᠬᠤ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢᠨ ᠬᠠᠮᠲᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠴᠠᠭ ᠲᠤᠬᠠᠢ ᠳᠤ ᠨᠢ ᠣᠷᠣᠭᠤᠯᠵᠤ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠳᠤ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠲᠤᠰᠬᠠᠶᠢᠯᠠᠨ ᠬᠠᠷᠢᠭᠤ ᠴᠤᠬᠤᠯᠠᠪᠤᠷᠢᠯᠠᠪᠠ᠃                                      2020 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ                     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ