2020 ᠣᠨ ᠤ 11 ᠰᠠᠷ᠎ᠠ ᠶᠢᠨ 16 ᠤ ᠡᠳᠦᠷ ᠤᠨ 7 ᠴᠠᠭ ᠠᠴᠠ 11 ᠰᠠᠷ᠎ᠠ ᠶᠢᠨ 17 ᠤ ᠡᠳᠦᠷ ᠤᠨ | 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠲᠣᠯᠠᠭᠰᠠᠨ ᠡᠪᠡᠳᠴᠢᠨ ᠤ | ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠᠶᠢᠬᠤ ᠦᠭᠡᠢ᠃ ᠡᠳᠡᠭᠡᠷᠡᠵᠦ ᠡᠮᠨᠡᠯᠭᠡ ᠠᠴᠠ ᠭᠠᠷᠤᠭᠰᠠᠨ | ᠡᠪᠡᠳᠴᠢᠨ ᠤ ᠵᠢᠱᠢᠶ᠎ᠡ 4 ︵ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ | ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ | ᠪᠠᠭᠤᠭᠰᠠᠨ︶ ᠨᠡᠮᠡᠭᠳᠡᠪᠡ᠃ | 2020 ᠣᠨ ᠤ 11 ᠰᠠᠷ᠎ᠠ ᠶᠢᠨ 17 ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 20᠂ ᠰᠡᠵᠢᠭᠯᠡᠯᠲᠡᠢ ᠡᠪᠡᠳᠴᠢᠨ ᠤ ᠵᠢᠱᠢᠶ᠎ᠡ 1 ᠪᠠᠶᠢᠵᠤ᠂ | ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ | ᠴᠦᠮ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ | ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃ | 2020 ᠣᠨ ᠤ 11 ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠬᠤ ᠦᠭᠡᠢ᠃ | |