11 ᠳ᠋ᠦ᠋ᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠡᠭᠦᠯᠡᠨ | ᠳ᠋ᠠᠶᠢᠲ᠋ᠠ ᠶᠢᠨ ᠭᠠᠮᠰᠢᠭ ᠲᠤ ᠪᠡᠯᠡᠳᠬᠡᠬᠦ ᠲᠥᠪ ᠢ ᠠᠰᠢᠭᠯᠠᠯᠲᠠ ᠳᠤ ᠣᠷᠤᠭᠤᠯᠵᠤ ᠠᠵᠢᠯᠯᠠᠭᠤᠯᠬᠤ ᠰᠣᠨᠢᠨ ᠮᠡᠳᠡᠭᠡ | ᠨᠡᠶᠢᠲᠡᠯᠡᠬᠦ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ᠃ | ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ︽ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠡᠭᠦᠯᠡᠨ ᠳ᠋ᠠᠶᠢᠲ᠋ᠠ ᠶᠢᠨ ᠭᠠᠮᠰᠢᠭ ᠤᠨ ᠪᠡᠯᠡᠳᠬᠡᠯ ᠲᠥᠪ︾ ᠪᠣᠯ ᠥᠪᠥᠷ | ᠮᠣᠩᠭᠤᠯ ᠤᠨ ᠵᠥᠩ ᠬᠤᠩ ᠽᠢ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠬᠤᠪᠢ ᠣᠷᠣᠭᠤᠯᠤᠭᠴᠢ ᠶᠢᠨ ᠲᠠᠯ᠎ᠠ ᠳᠤ ᠲᠥᠰᠢᠭᠯᠡᠨ ᠠᠵᠢᠯ ᠲᠥᠷᠥᠯ ᠤᠨ ᠳᠣᠲᠣᠷ᠎ᠠ ᠪᠠᠨ ᠣᠷᠣᠶᠢᠯᠠᠵᠤ | ᠪᠠᠶᠢᠭ᠎ᠠ ᠰᠤᠳᠤᠯᠤᠨ ᠨᠡᠭᠡᠭᠡᠬᠦ ᠪᠦᠯᠬᠦᠮ ᠪᠠ ᠬᠦᠴᠦᠷᠬᠡᠭ ᠶᠡᠭᠡ ᠮᠡᠷᠭᠡᠵᠢᠯ ᠤᠨ ᠪᠣᠳᠠᠲᠤ ᠬᠦᠴᠦᠨ ᠪᠣᠯᠣᠨ᠎ᠠ᠂ ᠪᠠᠯᠠ | ᠣᠷᠣᠭᠤᠯᠤᠨ ᠪᠥᠲᠥᠭᠡᠨ ᠪᠠᠶᠢᠭᠤᠯᠤᠭᠰᠠᠨ ᠲᠣᠮᠣ ᠳ᠋ᠠᠶᠢᠲ᠋ᠠ ᠨᠢ ᠭᠠᠮᠰᠢᠭ ᠲᠤ ᠪᠡᠯᠡᠳᠬᠡᠯ ᠬᠢᠬᠦ ᠲᠥᠷᠥᠯ ᠵᠦᠢᠯ | ᠪᠣᠯᠬᠤ ᠪᠦᠭᠡᠳ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ᠂ ᠡᠮ ᠡᠮᠨᠡᠯᠭᠡ᠂ ᠴᠢᠯᠠᠭᠤᠨ ᠲᠣᠰᠣ᠂ ᠳᠠᠩᠰᠠ | ᠡᠪᠬᠡᠮᠡᠯ ᠵᠡᠷᠭᠡ ᠡᠯ᠎ᠡ ᠠᠵᠢᠯ ᠲᠥᠷᠥᠯ ᠤᠨ ᠪᠠᠶᠢᠭᠤᠯᠤᠮᠵᠢ ᠳᠤ ᠳᠥᠭᠦᠮ ᠳᠥᠲᠡ᠂ ᠠᠮᠤᠷ ᠲᠦᠪᠰᠢᠨ᠂ ᠪᠣᠬᠢᠷᠲᠤᠯ | ᠦᠭᠡᠢ ᠲᠤᠭ᠎ᠠ ᠪᠠᠷᠢᠮᠲᠠ ᠶᠢ ᠤᠷᠲᠤ ᠬᠤᠭᠤᠴᠠᠭ᠎ᠠ ᠪᠠᠷ ᠬᠠᠳᠠᠭᠠᠯᠠᠵᠤ ᠥᠭᠬᠦ ᠪᠠ ᠭᠠᠮᠰᠢᠭ ᠤᠨ ᠪᠡᠯᠡᠳᠬᠡᠯ ᠬᠢᠬᠦ | ᠦᠢᠯᠡᠴᠢᠯᠡᠭᠡ ᠬᠠᠩᠭᠠᠬᠤ ᠪᠣᠯᠣᠨ᠎ᠠ᠃ | ᠲᠥᠷᠥᠯ ᠵᠦᠢᠯ ᠳᠤ 42 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠵᠢᠭᠦᠯᠵᠡᠢ᠃ | ᠡᠭᠦᠨ ᠳᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠳᠤ 1.6 ᠳ᠋ᠦᠩᠰᠢᠭᠤᠷ ᠲᠥᠭᠦᠷᠢᠭ ᠤᠨ ᠪᠡᠯᠡ | ᠣᠷᠤᠭᠤᠯᠵᠤ᠂ 23PB ᠪᠠᠭᠲᠠᠭᠠᠮᠵᠢ ᠲᠠᠢ ᠬᠥᠬᠡ ᠭᠡᠷᠡᠯ ᠤᠨ ᠭᠠᠮᠰᠢᠭ ᠤᠨ ᠪᠡᠯᠡᠳᠬᠡᠯ ᠬᠠᠳᠠᠭᠠᠯᠠᠯᠲᠠ ᠶᠢᠨ ᠲᠥᠪ | ᠪᠠ ᠵᠢᠯ ᠤᠨ ᠦᠢᠯᠡᠳᠪᠦᠷᠢᠯᠡᠬᠦ ᠤᠨ ᠴᠢᠳᠠᠪᠤᠷᠢ ᠨᠢ 200 ᠲᠦᠮᠡᠨ ᠬᠡᠰᠡᠭ ᠲᠤ ᠬᠦᠷᠬᠦ ᠬᠥᠬᠡ ᠭᠡᠷᠡᠯ ᠤᠨ | ᠲᠠᠪᠠᠭ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠲᠣᠮᠣ ᠳ᠋ᠠᠶᠢᠲ᠋ᠠ ᠶᠢᠨ | ᠲᠥᠪ ᠬᠡᠰᠡᠭ ᠢ ᠲᠣᠰ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠬᠥᠬᠡ ᠭᠡᠷᠡᠯ ᠤᠨ | ᠲᠠᠪᠠᠭ ᠤᠨ ᠦᠢᠯᠡᠳᠪᠦᠷᠢᠯᠡᠯ ᠤᠨ ᠱᠤᠭᠤᠮ ᠢ ᠡᠨᠡ ᠵᠢᠯ ᠤᠨ 12 ᠳ᠋ᠤᠭᠠᠷ ᠰᠠᠷ᠎ᠠ ᠶᠢᠨ ᠡᠴᠦᠰ ᠲᠤ ᠠᠰᠢᠭᠯᠠᠯᠲᠠ ᠳᠤ | ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠤᠨ ᠠᠯᠤᠰ ᠤᠨ ᠲᠥᠯᠥᠪᠵᠢᠭᠦᠯᠭᠡ ᠨᠢ ᠬᠥᠬᠡ | ᠭᠡᠷᠡᠯ ᠤᠨ ᠬᠠᠳᠠᠭᠠᠯᠠᠯᠲᠠ ᠶᠢᠨ ᠪᠠᠭᠲᠠᠭᠠᠮᠵᠢ ᠶᠢ 4000PB ᠳᠤ ᠬᠦᠷᠦᠭᠦᠯᠬᠦ ᠪᠠᠷ ᠪᠣᠢ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠲᠣᠮᠣ ᠳ᠋ᠠᠶᠢᠲ᠋ᠠ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢ ᠪᠠᠶᠢᠭᠤᠯᠬᠤ ᠶᠢᠨ ᠲᠤᠰᠠᠳᠠ᠂ ᠤᠯᠠᠭᠠᠨᠴᠠᠪ ᠬᠤᠲᠠ ᠬᠥᠭᠵᠢᠯᠲᠡ ᠶᠢᠨ ᠲᠠᠪᠴᠠᠩ ᠪᠠᠶᠢᠭᠤᠯᠬᠤ᠂ ᠲᠤᠭ᠎ᠠ | ᠪᠠᠷᠢᠮᠲᠠ ᠶᠢᠨ ᠨᠡᠪᠲᠡᠷᠡᠯ ᠵᠠᠮ ᠢ ᠨᠡᠪᠲᠡᠷᠡᠭᠦᠯᠬᠦ᠂ ᠲᠤᠭ᠎ᠠ ᠪᠠᠷᠢᠮᠲᠠ ᠶᠢᠨ ᠲᠥᠪ ᠤᠨ ᠬᠡᠪᠴᠢᠶ᠎ᠡ ᠶᠢ ᠶᠡᠬᠡᠰᠬᠡᠬᠦ᠂ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ ᠢ ᠪᠠᠶᠢᠭᠤᠯᠬᠤ᠂ ᠲᠣᠭᠠᠴᠢᠯᠠᠭᠰᠠᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠠᠶᠢᠵᠢᠷᠠᠭᠤᠯᠬᠤ | ᠵᠡᠷᠭᠡ ᠲᠠᠯ᠎ᠠ ᠪᠠᠷ ᠬᠦᠴᠦ ᠣᠷᠣᠭᠤᠯᠵᠤ᠂ ᠦᠨᠡᠨ ᠪᠣᠳᠠᠲᠠᠢ ᠠᠮᠵᠢᠯᠲᠠ ᠣᠯᠪᠠ᠃ ᠳᠠᠷᠠᠭᠠᠴᠢ ᠶᠢᠨ ᠠᠯᠬᠤᠮ ᠳᠤ | ᠤᠯᠠᠭᠠᠨᠴᠠᠪ ᠬᠤᠲᠠ ᠶᠢᠨ ᠬᠢᠨ ᠠᠵᠤ ᠦᠢᠯᠡᠰ ᠢ ᠪᠤᠶᠢᠵᠢᠭᠤᠯᠬᠤ᠂ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠪᠠᠷ ᠭᠤᠣᠯ ᠰᠢᠵᠢᠮ ᠪᠣᠯᠭᠠᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠷᠴᠢᠮᠯᠡᠨ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠰᠢᠰᠲ᠋ᠧᠮᠵᠢ ᠶᠢ ᠪᠦᠷᠢᠨᠰᠢᠭᠦᠯᠦᠨ᠂ ᠠᠵᠤ ᠦᠢᠯᠡᠰ ᠤᠨ ᠲᠣᠭᠠᠴᠢᠯᠠᠭᠰᠠᠨ ᠭᠦᠨ ᠠᠭᠤᠰᠤᠯᠴᠠᠯ ᠢ ᠠᠬᠢᠭᠤᠯᠵᠤ᠂ | ᠲᠣᠭᠠᠴᠢᠯᠠᠭᠰᠠᠨ ᠠᠵᠤ ᠦᠢᠯᠡᠰᠵᠢᠯᠲᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠥᠪᠥᠷ | ᠮᠣᠩᠭᠤᠯ ᠤᠨ ᠤᠯᠤᠰ ᠤᠨ ᠲᠡᠰ ᠤᠨ ᠲᠣᠮᠣ ᠳ᠋ᠠᠶᠢᠲ᠋ᠠ ᠶᠢᠨ ᠶᠡᠷᠦᠩᠬᠡᠢᠯᠡᠭᠰᠡᠨ ᠲᠤᠷᠰᠢᠯᠲᠠ ᠶᠢᠨ ᠣᠷᠣᠨ ᠤ ᠭᠤᠣᠯ | ᠲᠣᠭᠤᠷᠢᠭ ᠲᠠᠬᠢ ᠮᠠᠨ ᠤ ᠬᠤᠲᠠ ᠶᠢᠨ ᠳᠠᠪᠠᠭᠤᠯᠢᠭ ᠪᠠᠶᠢᠷᠢ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ︽ | ᠡᠮᠦᠨᠡᠲᠦ ᠭᠦᠢᠵᠧᠦ ᠤᠮᠠᠷᠠᠲᠤ ᠤᠯᠠᠭᠠᠨᠴᠠᠪ︾ ᠲᠠᠬᠢ ᠤᠯᠤᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠪᠣᠯᠣᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠵᠠᠭᠤᠴᠢᠯᠠᠭᠤᠷ ᠤᠨ | ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠠᠶᠢᠵᠢᠷᠠᠭᠤᠯᠬᠤ᠂ | ᠲᠣᠮᠣ ᠳ᠋ᠠᠶᠢᠲ᠋ᠠ ᠶᠢᠨ ᠠᠵᠤ ᠠᠬᠤᠶᠢᠯᠠᠯ ᠢ ᠰᠠᠭᠤᠷᠢᠰᠢᠭᠤᠯᠬᠤ ᠶᠢ ᠠᠬᠢᠭᠤᠯᠬᠤ ᠬᠠᠷᠠᠭᠠᠯᠵᠠᠯ ᠪᠠ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ | ᠣᠳᠣᠬᠢ ᠪᠠᠶᠢᠳᠠᠯ ᠵᠡᠷᠭᠡ ᠠᠰᠠᠭᠤᠳᠠᠯ ᠤᠨ ᠲᠠᠯ᠎ᠠ ᠪᠠᠷ ᠠᠰᠠᠭᠤᠯᠲᠠ ᠳᠤᠷᠠᠳᠪᠠ᠃ | |