11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠲᠦᠩᠯᠢᠶᠣᠤ ᠬᠤᠲᠠ ᠳᠤ ᠬᠤᠷᠠᠯ ᠡᠷᠬᠢᠯᠡᠨ ᠬᠤᠷᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠤᠳᠤᠯᠬᠤ ᠶᠢᠨ ᠬᠠᠮᠳᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ | ᠬᠥᠭᠵᠢᠯᠲᠡ ᠶᠢᠨ ᠰᠡᠳᠬᠢᠴᠡ ᠶᠢ ᠳᠤᠷᠠᠳᠴᠤ᠂ ᠬᠠᠷᠠᠯᠲᠠ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠵᠥ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠥᠪᠥᠷ | ᠮᠣᠩᠭᠤᠯ ᠤᠨ ᠪᠣᠳᠠᠲᠠᠶ ᠠᠵᠢᠯᠯᠠᠭ᠎ᠠ ᠪᠣᠯᠭᠠᠬᠤ ᠬᠡᠷᠡᠭᠲᠡᠶ ᠬᠡᠵᠥ ᠴᠢᠬᠤᠯᠠᠴᠢᠯᠠᠪᠠ᠃ | | | | | ᠬᠤᠷᠠᠯ ᠳᠡᠭᠡᠷ᠎ᠡ᠂ ᠱᠢ ᠲᠠᠢ ᠹᠧᠩ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ | ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠤᠨ ᠭᠤᠤᠯ ᠬᠠᠷᠢᠭᠤᠴᠠᠯᠭᠠᠲᠠᠨ ᠨᠥᠬᠦᠳ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠥ ᠪᠠᠶᠢᠭ᠎ᠠ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ | ᠬᠤᠯᠪᠣᠭᠳᠠᠯ ᠪᠥᠬᠦᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠠ ᠲᠤᠰᠬᠠᠶ ᠮᠡᠷᠭᠡᠵᠢᠯᠲᠡᠨ ᠡᠷᠳᠡᠮᠲᠡᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠱᠢ ᠲᠠᠢ | ᠹᠧᠩ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ | ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠪᠣᠯᠤᠨ᠎ᠠ᠂ ᠪᠢᠳᠡ ᠨᠠᠮ ᠤᠨ ᠲᠦᠪ ᠬᠤᠷᠢᠶᠠᠨ ᠤ ᠭᠠᠷᠭᠠᠬᠰᠠᠨ ᠡᠨᠡ | ᠬᠦ ᠴᠢᠬᠤᠯᠠ ᠶᠡᠭᠡ ᠮᠠᠭᠠᠳᠯᠠᠯᠳᠠ ᠶᠢ ᠨᠠᠷᠢᠨ ᠬᠢᠨᠠᠮᠠᠭᠠᠢ ᠤᠢᠢᠯᠠᠭᠠᠵᠦ ᠭᠦᠨᠵᠡᠭᠡᠢ ᠤᠢᠢᠯᠠᠭᠠᠵᠦ᠂ ᠰᠢᠨ᠎ᠡ | ᠬᠥᠭᠵᠢᠯᠲᠡ ᠶᠢᠨ ᠱᠠᠲᠤᠨ ᠤ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠣᠨᠣᠪᠴᠢᠲᠠᠶ | ᠡᠵᠡᠮᠳᠡᠵᠦ᠂ ᠶᠡᠭᠡ ᠲᠠᠯ᠎ᠠ ᠶᠢ ᠲᠤᠳᠤᠷᠬᠠᠢ ᠲᠠᠨᠢᠵᠦ᠂ ᠶᠡᠭᠡ ᠬᠠᠨᠳᠤᠰᠢ ᠪᠠᠶᠢᠳᠠᠯ ᠢ ᠲᠤᠳᠤᠷᠬᠠᠢ ᠮᠡᠳᠡᠵᠦ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠨᠡ ᠬᠦ ᠵᠠᠩᠭᠢᠯᠠᠭ᠎ᠠ ᠶᠢᠨ ᠬᠤᠭᠤᠴᠠᠭ᠎ᠠ ᠶᠢ | ᠠᠮᠵᠢᠨ ᠮᠠᠨ ᠤ ᠣᠷᠣᠨ ᠤ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠳᠡᠢ᠃ ᠵᠡᠭᠦᠨ | ᠬᠡᠰᠡᠭ ᠤᠨ ᠲᠠᠪᠤᠨ ᠠᠶᠢᠮᠠᠭ ᠬᠤᠲᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠤᠯᠭᠠᠬᠤ ᠶᠢ ᠤᠯᠠᠮ ᠴᠢᠩᠭᠠᠳᠬᠠᠵᠥ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠳᠠᠪᠠᠭᠤᠯᠢᠭ᠂ | ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠶᠢᠨ ᠬᠡᠷᠡᠭᠴᠡᠭᠡ ᠪᠣᠯᠤᠨ ᠪᠣᠳᠠᠲᠤ ᠪᠣᠯᠤᠯᠴᠠᠭ᠎ᠠ ᠳᠤ ᠰᠠᠭᠤᠷᠢᠯᠠᠨ᠂ | ᠤᠯᠤᠰ ᠤᠨ ᠨᠤᠳᠤᠬ ᠲᠡᠪᠢᠰᠭᠡᠷ ᠤᠨ ᠣᠷᠣᠨ ᠵᠠᠶ ᠶᠢᠨ ᠨᠡᠭᠡᠭᠡᠯᠳᠡ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠰᠢᠰᠲ᠋ᠧᠮ ᠤᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠥᠭᠵᠢᠯᠲᠡ᠂ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠵᠡᠷᠭᠡ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠪᠠ ᠬᠠᠷᠠᠯᠳᠠ ᠡᠭᠦᠷᠭᠡ ᠶᠢ ᠲᠤᠷᠠᠳᠴᠦ᠂ ᠰᠢᠨ᠎ᠡ ᠠᠶᠠᠨ ᠳᠠᠭᠠᠨ ᠳᠤᠲᠠᠭᠤᠳᠠᠯ ᠢᠶᠠᠨ | ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠵᠤ ᠠᠬᠤᠢ ᠨᠡᠶᠢᠭᠡᠮ ᠪᠦᠬᠦ ᠲᠠᠯ᠎ᠠ ᠪᠠᠷ ᠪᠣᠬᠢᠷᠲᠤᠯ | ᠦᠭᠡᠢ ᠲᠡᠶᠢᠰᠢ ᠰᠢᠯᠵᠢᠬᠦ ᠶᠢ ᠠᠬᠢᠭᠤᠯᠬᠤ ᠲᠠᠯ᠎ᠠ ᠪᠠᠷ ᠪᠦᠬᠦ ᠣᠷᠣᠨ ᠤ ᠡᠮᠦᠨ᠎ᠡ ᠡᠩᠨᠡᠭᠡᠨ ᠳᠤ ᠶᠠᠪᠤᠬᠤ ᠪᠠᠷ | ᠴᠢᠷᠮᠠᠶᠢᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠱᠢ ᠲᠠᠢ ᠹᠧᠩ᠂ ᠰᠢᠨ᠎ᠡ ᠴᠠᠭ ᠦᠶ᠎ᠡ ᠰᠢᠨ᠎ᠡ ᠱᠠᠳᠤ ᠦᠶ᠎ᠡ ᠶᠢᠨ ᠬᠥᠭᠵᠢᠯᠲᠡ ᠨᠢ ᠡᠷᠬᠡᠪᠰᠢ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠥ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠᠶᠢᠬᠤ | ᠬᠡᠷᠡᠭᠲᠡᠢ᠂ ᠥᠪᠥᠷ ᠮᠣᠩᠭᠤᠯ ᠳᠤ ᠠᠪᠴᠤ ᠬᠡᠯᠡᠪᠡᠯ ᠬᠠᠮᠤᠭ ᠤᠨ ᠦᠨᠳᠦᠰᠦᠨ ᠵᠦᠢᠯ ᠪᠣᠯ ᠳᠠᠷᠤᠢ ᠶᠡᠷᠦᠩᠬᠡᠢ ᠱᠦᠵᠢ | ᠰᠢ ᠶᠢᠨ ᠫᠢᠩ ᠤᠨ ᠪᠢᠳᠡᠨ ᠤ ᠪᠠᠶᠢᠳᠠᠯ ᠢ ᠦᠨᠳᠦᠰᠦᠯᠡᠨ ᠲᠣᠭᠲᠠᠭᠠᠵᠥ ᠦᠭᠭᠦᠭᠰᠡᠨ ᠠᠵᠢᠯᠯᠠᠭᠠᠨ ᠤ ᠬᠥᠲᠥᠯᠪᠦᠷᠢ | ᠶᠣᠰᠣᠭᠠᠷ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠶᠢ | ᠰᠦᠪᠡᠭᠴᠢᠯᠡᠬᠦ ᠶᠠᠪᠤᠳᠠᠯ ᠪᠤᠯᠤᠨ᠎ᠠ᠃ ᠡᠯ᠎ᠡ ᠱᠠᠲᠤᠨ ᠤ ᠬᠢᠨ ᠡᠨᠡ ᠬᠦ ᠤᠯᠤᠰ ᠲᠥᠷᠥ ᠶᠢᠨ ᠱᠠᠭᠠᠷᠳᠠᠯᠭ᠎ᠠ ᠶᠢ ᠡᠷᠡᠰ | ᠰᠠᠶᠢᠲᠤᠷ ᠨᠠᠶᠢᠳᠠᠪᠤᠷᠢᠵᠢᠭᠤᠯᠵᠤ᠂ ᠡᠨᠡ ᠬᠦ ᠰᠢᠨ᠎ᠡ ᠵᠠᠮ ᠢ ᠰᠦᠪᠡᠭᠴᠢᠯᠡᠬᠦ ᠪᠠᠷ ᠦᠨᠳᠦᠰᠦᠨ ᠲᠦᠰᠢᠭ ᠪᠤᠯᠭᠠᠵᠥ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠵᠣᠬᠢᠶᠠᠨ ᠪᠠᠶᠢᠭᠤᠯᠤᠨ | ᠨᠠᠶᠢᠷᠠᠭᠤᠯᠤᠨ ᠵᠤᠬᠢᠶᠠᠵᠥ᠂ ᠢᠷᠡᠭᠡᠳᠦᠢ ᠶᠢᠨ ᠬᠥᠭᠵᠢᠯᠲᠡ ᠶᠢ ᠰᠠᠶᠢᠳᠤᠷ ᠲᠥᠯᠥᠪᠵᠢᠭᠦᠯᠦᠨ ᠠᠬᠢᠭᠤᠯᠵᠥ᠂ ᠴᠢᠬᠤᠯᠠ | ᠶᠡᠭᠡ ᠬᠠᠷᠠᠯᠲᠠ ᠡᠭᠦᠷᠭᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠭᠡ | ᠢᠨᠵᠧᠨᠧᠷᠢᠩ ᠲᠦᠷᠦᠯ ᠵᠦᠢᠯ ᠨᠢ ᠴᠥᠮ ᠡᠨᠡ ᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠲᠡᠶᠢᠰᠢ ᠲᠥᠪᠯᠡᠷᠡᠬᠦ | ᠬᠡᠷᠡᠭᠲᠡᠢ᠃ ᠵᠡᠭᠦᠨ ᠬᠡᠰᠡᠭ ᠤᠨ ᠲᠠᠪᠤᠨ ᠠᠶᠢᠮᠠᠭ ᠬᠤᠲᠠ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ | ᠪᠠᠶᠢᠷᠢ ᠰᠠᠭᠤᠷᠢ ᠪᠣᠯᠤᠨ ᠬᠠᠷᠢᠴᠠᠭᠤᠯᠤᠭᠰᠠᠨ ᠳᠠᠪᠠᠭᠤᠯᠢᠭ ᠢᠶᠠᠨ ᠣᠨᠣᠪᠴᠢᠲᠠᠶ ᠡᠷᠢᠵᠦ᠂ ᠰᠠᠨᠠᠭᠠᠴᠢᠯᠠᠭ᠎ᠠ ᠠᠴᠠ ᠪᠠᠨ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠢᠯᠠᠩᠭᠤᠶ᠎ᠠ ᠠᠮᠢ ᠠᠬᠤᠢ ᠶᠢᠨ | ᠲᠠᠪᠠᠭᠤᠯᠢᠬ ᠢᠶᠠᠨ ᠭᠦᠢᠴᠡᠳ ᠪᠠᠳᠠᠷᠠᠭᠤᠯᠵᠦ᠂ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ ᠪᠤᠬᠢᠷᠳᠤᠯ | ᠦᠭᠡᠢ ᠬᠦᠭᠵᠢᠯᠳᠡ ᠶᠢ ᠠᠬᠢᠭᠤᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠲᠠᠰᠤᠷᠠᠯᠳᠠ ᠦᠭᠡᠢ ᠴᠤᠬᠴᠠᠯᠠᠵᠦ᠂ ᠲᠠᠷᠢᠶᠠᠯᠠᠩ ᠮᠠᠯ ᠠᠵᠤ ᠠᠬᠤᠢ ᠶᠢᠨ ᠡᠬᠢ | ᠪᠠᠶᠠᠯᠢᠬ ᠤᠨ ᠲᠠᠪᠠᠭᠤᠯᠢᠬ ᠢᠶᠠᠨ ᠭᠦᠢᠴᠡᠳ ᠪᠠᠳᠠᠷᠠᠭᠤᠯᠵᠦ᠂ ᠴᠢᠨᠠᠷ ᠰᠠᠶᠢᠳᠠᠢ ᠪᠤᠬᠢᠷᠳᠤᠯ ᠦᠭᠡᠢ ᠲᠠᠷᠢᠶᠠᠯᠠᠩ ᠤᠨ | ᠪᠦᠳᠦᠭᠡᠭᠳᠡᠬᠦᠨ ᠮᠠᠯ ᠤᠨ ᠠᠰᠢᠬ ᠰᠢᠮ᠎ᠡ ᠶᠢᠨ ᠬᠠᠨᠭ᠍ᠭᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠮᠠᠨ ᠤ ᠤᠯᠤᠰ | ᠤᠨ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠬ ᠰᠢᠮ᠎ᠡ ᠶᠢᠨ ᠦᠢᠯᠡᠳᠪᠤᠷᠢᠯᠡᠯ ᠤᠨ ᠰᠠᠭᠤᠷᠢᠨ ᠢ ᠰᠠᠶᠢᠳᠤᠷ | ᠪᠦᠳᠦᠭᠡᠨ ᠪᠠᠶᠢᠭᠤᠯᠵᠦ᠂ ᠬᠢᠯᠢ ᠬᠢᠵᠠᠭᠠᠷ ᠤᠨ ᠨᠡᠬᠡᠭᠡᠯᠳᠡ ᠬᠢᠬᠦ ᠲᠠᠪᠠᠭᠤᠯᠢᠬ ᠢ ᠭᠦᠢᠴᠡᠳ ᠪᠠᠳᠠᠷᠠᠭᠤᠯᠤᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠳᠤᠷ ᠪᠠᠶᠢᠭᠤᠯᠵᠦ᠂ ᠠᠶᠢᠮᠠᠭ ᠬᠤᠲᠠ ᠶᠢᠨ | ᠬᠤᠭᠤᠷᠣᠨᠳᠣᠬᠢ ᠭᠠᠷ ᠬᠤᠯᠪᠣᠨ ᠬᠠᠮᠵᠢᠯᠴᠠᠵᠤ᠂ ᠬᠤᠯᠪᠣᠭᠠᠯᠠᠨ ᠬᠥᠭᠵᠢᠭᠦ ᠶᠢ ᠴᠢᠬᠤᠯᠠᠴᠢᠯᠠᠨ ᠴᠢᠩᠭᠠᠳᠬᠠᠵᠤ᠂ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ | ᠬᠠᠷᠠᠭᠤᠯᠤᠬᠰᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠪᠦᠬᠦ ᠬᠦᠴᠦᠨ ᠢᠶᠠᠷ ᠢᠶᠠᠨ | ᠰᠦᠪᠡᠭᠴᠢᠯᠡᠨ ᠰᠠᠶᠢᠲᠤᠷ ᠵᠠᠮᠨᠠᠬᠤ ᠬᠡᠷᠡᠭᠲᠡᠶ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠦᠨᠳᠦ ᠶᠡᠭᠡ ᠠᠶᠤᠯ ᠲᠦᠭᠰᠢᠭᠦᠷᠢ ᠢᠯᠠᠩᠭᠤᠶ᠎ᠠ ᠦᠨᠳᠦᠰᠦᠲᠡᠨ ᠤ | ᠠᠰᠠᠭᠤᠳᠠᠯ ᠳᠤ ᠬᠤᠯᠪᠣᠭᠳᠠᠬᠤ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠥ᠂ | ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠳᠠᠯ ᠢ ᠯᠠᠪᠳᠠᠭᠤᠨ ᠪᠠᠲᠤᠲᠠᠶ | ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ | ᠪᠠᠬᠢᠵᠢᠭᠦᠯᠬᠦ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠴᠢᠳᠠᠪᠤᠷᠢ ᠪᠣᠯᠤᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠥ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠪᠥᠷ | ᠮᠣᠩᠭᠤᠯ ᠳᠤ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ | | | | | | | | | | ᠡᠨᠡ ᠬᠤᠭᠤᠴᠠᠭᠠᠨ ᠳᠤ᠂ ᠱᠢ ᠲᠠᠢ ᠹᠧᠩ ᠲᠦᠩᠯᠢᠶᠣᠤ ᠶᠢᠨ ᠮᠧᠶ ᠬᠤᠸᠠ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ | ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠣᠷᠣᠨ ᠨᠤᠲᠤᠭ | ᠠᠵᠤ ᠠᠬᠤᠶᠢᠯᠠᠯ ᠬᠤᠶᠠᠷ ᠳᠠᠯ᠎ᠠ ᠪᠠᠷ ᠢᠶᠠᠨ ᠣᠷᠣᠨ ᠪᠠᠶᠢᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠥ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠢᠶᠠᠨ ᠨᠡᠮᠡᠭᠳᠡᠭᠦᠯᠰᠦᠬᠡᠢ ᠬᠡᠵᠥ | ᠵᠤᠷᠢᠬᠵᠢᠭᠤᠯᠪᠠ᠃ ᠯᠦᠩ ᠮᠠ ᠬᠦᠨᠳᠦ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠳᠤ᠂ ᠱᠢ ᠲᠠᠢ | ᠹᠧᠩ ᠰᠠᠯᠬᠢᠨ ᠬᠦᠴᠦᠨ ᠤ ᠮᠠᠰᠢᠨ ᠤ ᠲᠣᠨᠤᠭ ᠲᠥᠬᠦᠭᠡᠷᠦᠮᠵᠢ ᠦᠢᠯᠡᠳᠬᠦ ᠵᠢᠴᠢ ᠪᠦᠬᠦ ᠳᠤᠨᠤᠬᠯᠠᠯ ᠢ ᠨᠢᠬᠡ | ᠴᠣᠭᠴᠠᠵᠢᠭᠤᠯᠬᠤ ᠲᠥᠷᠥᠯ ᠵᠦᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠦᠩᠯᠢᠶᠣᠤ ᠬᠤᠲᠠ ᠲᠥᠷᠥᠯ ᠵᠦᠢᠯ ᠢ | ᠠᠳᠬᠤᠬᠤ᠂ ᠪᠠᠯᠠ ᠣᠷᠣᠭᠤᠯᠤᠯᠲᠠ ᠶᠢ ᠳᠤᠬᠳᠠᠪᠤᠷᠢᠵᠢᠭᠤᠯᠬᠤ ᠠᠵᠢᠯ ᠤᠨ ᠡᠷᠴᠢᠮ ᠢᠶᠠᠨ ᠦᠨᠡᠨ ᠬᠦ | ᠴᠢᠩᠭᠠᠷᠠᠭᠤᠯᠵᠥ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ | ᠪᠡᠯᠡ ᠮᠦᠡᠭᠬᠦ ᠣᠷᠣᠭᠤᠯᠵᠦ ᠠᠪᠴᠢᠷᠠᠬᠤ ᠠᠵᠢᠯ ᠢ ᠰᠠᠶᠢᠲᠤᠷ ᠬᠢᠵᠦ᠂ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠬᠥᠳᠡᠯᠭᠡᠬᠦ ᠡᠨᠧᠷᠭᠢ ᠶᠢ ᠨᠡᠮᠡᠭᠳᠡᠭᠦᠯᠬᠦ ᠳᠤ ᠦᠵᠡᠭᠦᠯᠬᠦ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ ᠬᠡᠵᠥ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠤ ᠴᠦᠨ᠂ ᠴᠢ᠊ ᠪᠠᠲᠤ ᠵᠢᠴᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃ |