ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/19

     11 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠤᠯᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠥᠪᠵᠢᠭᠦᠯᠭᠡ ᠵᠡᠷᠭᠡ ᠵᠦᠢᠯ ᠢ ᠰᠤᠳᠤᠯᠪᠠ᠃
     ᠬᠤᠷᠠᠯ ᠠᠴᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠠᠲᠠᠭᠤ ᠡᠭᠦᠷᠭᠡ ᠪᠣᠯᠤᠨ᠎ᠠ᠃ ᠠᠭᠠᠷ ᠮᠠᠨᠳᠠᠯ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠳᠤ ᠲᠣᠬᠢᠷᠠᠭᠤᠯᠤᠯᠳᠠ ᠬᠢᠵᠥ ᠬᠢᠨᠠᠨ ᠵᠢᠯᠣᠭᠤᠳᠬᠤ᠂ ᠮᠥᠷᠳᠡᠨ ᠪᠠᠶᠢᠴᠠᠭᠠᠵᠥ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠥ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠠᠵᠢᠯ ᠤᠨ ᠠᠬᠢᠴᠠ ᠪᠠᠨ ᠲᠦᠷᠭᠡᠳᠬᠡᠬᠦ ᠶᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠤᠷᠢᠳᠴᠢᠯᠠᠨ ᠲᠣᠭᠲᠠᠭᠠᠭᠰᠠᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ᠂ ᠠᠵᠢᠯ ᠲᠥᠷᠥᠯ ᠪᠣᠯᠤᠨ ᠪᠣᠬᠢᠷᠲᠤᠯ ᠤᠨ ᠡᠬᠢ ᠰᠤᠷᠪᠤᠯᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮ ᠴᠢᠨᠠᠭᠰᠢᠳᠠ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠠᠢ᠃ ᠠᠮᠢ ᠠᠬᠤᠢ ᠣᠷᠴᠢᠨ ᠲᠣᠭᠤᠷᠢᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ ᠭᠡᠵᠤ ᠵᠢᠭᠠᠵᠤ

ᠭᠠᠷᠭᠠᠪᠠ᠃      
     ᠬᠤᠷᠠᠯ ᠠᠴᠠ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠤᠯ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠵᠤ ᠦᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠥᠪᠥᠷ ᠮᠣᠩᠭᠤᠯ ᠤᠨ ᠡᠷᠬᠡᠪᠰᠢ ᠰᠠᠶᠢᠲᠤᠷ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠥᠪᠵᠢᠭᠦᠯᠭᠡ ︵2021 — 2035 ᠣᠨ︶︾᠎ ᠶᠢ ᠨᠠᠷᠢᠨ ᠬᠢᠨᠠᠮᠠᠭᠠᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠠᠷᠢᠨ ᠨᠢᠮᠪᠠᠶ ᠨᠠᠶᠢᠷᠠᠭᠤᠯᠤᠨ ᠵᠤᠬᠢᠶᠠᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠮᠵᠢ ᠬᠠᠩᠭᠠᠬᠤ ᠬᠡᠷᠡᠭᠳᠠᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠪᠣᠬᠢᠷᠲᠤᠯ ᠦᠭᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠥ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ︽2021 ᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠳᠦᠷᠦᠯ ᠵᠦᠢᠯ︾᠎ ᠢ ᠰᠤᠳᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠯᠳᠠ ᠪᠣᠯ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠲᠠᠯ᠎ᠠ ᠮᠥᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠤᠯᠠᠮ ᠴᠢᠨᠠᠭᠰᠢᠲᠠ ᠳᠡᠭᠡᠭᠰᠢᠯᠡᠭᠦᠯᠵᠦ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠦᠯᠵᠦ᠂ ᠴᠠᠭ ᠬᠤᠭᠤᠴᠠᠭ᠎ᠠ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃
     ᠬᠤᠷᠠᠯ ᠠᠴᠠ ︽ᠵᠠᠰᠠᠭ ᠵᠠᠬᠢᠷᠭᠠᠨ ᠤ ᠠᠵᠢᠯ ᠵᠢᠯᠣᠭᠤᠳᠬᠤ ᠶᠢ ᠬᠡᠷᠡᠭᠵᠢᠬᠦᠯᠬᠦ ᠲᠤᠬᠠᠶ ᠰᠠᠨᠠᠯ︾ ᠪᠣᠯᠤᠨ

︽ᠣᠨᠳᠣᠤ ᠭᠠᠵᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢᠨ ᠳᠦᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾᠎ ᠢ ᠬᠢᠨᠠᠨ ᠵᠦᠪᠯᠡᠵᠥ ᠪᠠᠲᠤᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ