ᠰᠢ ᠶᠢᠨ ᠫᠢᠩ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠲᠣᠬᠠᠢ ᠴᠢᠬᠤᠯᠠ ᠵᠢᠭᠠᠪᠤᠷᠢ ᠥᠭᠪᠡ
ᠨᠡᠶᠢᠲᠡᠯᠡᠭᠰᠡᠨ ᠴᠠᠭ᠄
2020/11/19
     ᠰᠢ ᠶᠢᠨ ᠫᠢᠩ᠄ ᠨᠡᠩ ᠤᠯᠠᠨ ᠠᠬᠠᠮᠠᠳ ᠨᠥᠬᠦᠳ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠣᠷᠣᠯᠴᠠᠬᠤ ᠶᠢ ᠳᠡᠮᠵᠢᠵᠤ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 18 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠭᠤᠯᠤᠭᠳᠠᠭᠰᠠᠨ 30 ᠵᠢᠯ ᠤᠨ ᠤᠢ ᠶᠢ ᠳᠤᠷᠠᠰᠬᠠᠬᠤ ᠵᠢᠴᠢ ᠪᠦᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ 17 ᠠᠴᠠ 18 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠦᠭᠴᠤ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠬᠢᠵᠦ ᠪᠠᠶᠢᠭ᠎ᠠ ᠠᠬᠠᠮᠠᠳ ᠨᠥᠬᠦᠳ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠤᠨ ᠺᠠᠳ᠋ᠷ ᠲᠤ ᠴᠢᠩ ᠰᠡᠳᠬᠢᠯ ᠤᠨ ᠮᠡᠨᠳᠦᠴᠢᠯᠡᠯ ᠢᠶᠠᠨ ᠳᠡᠪᠰᠢᠭᠦᠯᠪᠡ᠃      ᠰᠢ ᠶᠢᠨ ᠫᠢᠩ᠂ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠪᠠᠶᠢᠭᠤᠯᠤᠭᠳᠠᠭᠰᠠᠨ 30 ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠷᠭᠡᠨ ᠣᠯᠠᠨ ᠠᠬᠠᠮᠠᠳ ᠺᠠᠳ᠋ᠷ᠂ ᠠᠬᠠᠮᠠᠳ ᠪᠠᠶᠢᠯᠳᠤᠭᠴᠢ᠂ ᠠᠬᠠᠮᠠᠳ ᠲᠤᠰᠬᠠᠶ ᠮᠡᠷᠭᠡᠵᠢᠯᠲᠡᠨ᠂ ᠠᠬᠠᠮᠠᠳ ᠪᠠᠭᠰᠢ᠂ ᠠᠬᠠᠮᠠᠳ ᠵᠢᠱᠢᠶᠡᠴᠢ ᠵᠡᠷᠭᠡ ᠠᠵᠢᠯ ᠠᠴᠠ ᠪᠠᠨ ᠲᠠᠷᠬᠠᠯᠠᠭᠲᠠᠭᠰᠠᠠ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠪᠦᠯᠬᠦᠮᠳᠡᠭᠦᠯᠦᠨ ᠳᠠᠭᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠥᠷᠭᠡᠨ ᠤᠯᠠᠨ ︽ᠲᠠᠪᠤᠨ ᠠᠬᠠᠮᠠᠳ︾ ᠪᠣᠯ ᠨᠠᠮ ᠪᠠ ᠤᠯᠤᠰ ᠤᠨ ᠡᠷᠬᠢᠮ ᠦᠨᠡᠳᠦ ᠦᠪ ᠬᠦᠷᠦᠩᠭᠡ ᠮᠥᠨ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠴᠢᠬᠤᠯᠠ ᠬᠦᠴᠦᠨ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠦ᠂ ᠨᠡᠩ ᠣᠯᠠᠨ ᠠᠬᠠᠮᠠᠳ ᠨᠥᠬᠦᠳ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠣᠷᠣᠯᠴᠠᠬᠤ ᠶᠢ ᠳᠡᠮᠵᠢᠵᠦ᠂ ᠥᠷᠭᠡᠨ ᠣᠯᠠᠨ ︽ᠲᠠᠪᠤᠨ ᠠᠬᠠᠮᠠᠳ︾ ᠨᠠᠷ ᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠭᠤᠳᠠᠮ ᠲᠠᠪᠴᠠᠩ ᠳᠡᠭᠡᠷ᠎ᠡ ᠦᠲᠡᠯᠦᠭᠰᠡᠨ ᠪᠤᠯᠪᠠᠴᠦ ᠬᠢᠬᠦ ᠠᠵᠢᠯ ᠲᠠᠢ ᠪᠣᠯᠭᠠᠵᠦ᠂ ᠦᠢᠯᠡᠳᠦᠯ ᠢ ᠨᠢ ᠪᠠᠳᠠᠷᠠᠭᠤᠯᠤᠨ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠬᠤᠸᠠᠩ ᠺᠦᠨ ᠮᠢᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠰᠦᠨ ᠴᠦᠨ ᠯᠠᠨ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠪᠠᠶᠢᠭᠤᠯᠤᠭᠳᠠᠭᠰᠠᠨ 30 ᠵᠢᠯ ᠤᠨ ᠲᠤᠷᠰᠢ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠠᠢ᠃ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠪᠣᠯᠤᠨ ᠠᠬᠠᠮᠠᠳ ᠨᠥᠬᠦᠳ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠭᠤᠰᠢᠯᠠᠭᠤᠯᠬᠤ ᠶᠢ ᠬᠦᠰᠡᠵᠦ ᠪᠠᠶᠢᠨ᠎ᠠ᠃ ︽ᠲᠠᠪᠤᠨ ᠠᠬᠠᠮᠠᠳ︾ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠬᠠᠮᠠᠳ ᠨᠥᠬᠦᠳ ᠤᠨ ᠣᠨᠴᠠ ᠴᠢᠳᠠᠪᠤᠷᠢ ᠪᠠ ᠳᠠᠪᠠᠭᠤᠯᠢᠭ ᠲᠠᠯ᠎ᠠ ᠶᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠵᠠᠯᠠᠭᠤᠴᠤᠳ ᠪᠠᠭᠠᠴᠤᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠠᠵᠢᠯ ᠢ ᠴᠢᠬᠤᠯᠠᠴᠢᠯᠠᠵᠦ᠂ ᠠᠬᠠᠮᠠᠳ ᠨᠥᠬᠦᠳ ᠤᠨ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠠᠬᠠᠮᠠᠳ ᠨᠥᠬᠦᠳ ᠤᠨ ᠦᠲᠡᠯᠦᠭᠰᠡᠨ ᠪᠤᠯᠪᠠᠴᠤ ᠬᠢᠬᠦ ᠠᠵᠢᠯ ᠲᠠᠢ᠂ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠳᠡᠮᠵᠢᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢ᠊ ᠡᠶ᠎ᠡ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠠᠶᠠᠷ ᠤᠨ ᠦᠭᠡ ᠬᠡᠯᠡᠵᠡᠢ᠃      ᠬᠤᠷᠠᠯ ᠠᠴᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ 30 ᠵᠢᠯ ᠤᠨ ᠲᠤᠷᠰᠢ ᠢᠯᠠᠩᠭᠤᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ ᠣᠯᠤᠭᠰᠠᠨ ᠠᠵᠢᠯ ᠤᠨ ᠠᠮᠵᠢᠯᠲᠠ ᠪᠣᠯᠤᠨ ᠲᠥᠷᠥᠭᠳᠡᠯ ᠢ ᠳ᠋ᠦᠩᠨᠡᠭᠰᠡᠡ ᠪᠦᠭᠡᠳ ᠳᠠᠷᠠᠭᠠᠴᠢ ᠶᠢᠨ ᠠᠵᠢᠯ ᠳᠤ ᠰᠠᠨᠠᠯ ᠳᠤᠷᠠᠳᠴᠠᠢ᠃ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠢᠯᠤᠭᠤᠳᠬᠤ ᠵᠦᠪᠯᠡᠯ ᠤᠨ ᠠᠯᠪᠠᠨ ᠭᠡᠷ ᠬᠠᠮᠲᠤᠷᠠᠵᠦ ᠪᠡᠭᠡᠵᠢᠩ ᠬᠤᠳᠠ ᠶᠢᠨ ᠪᠠᠷᠠᠭᠤᠨ ᠬᠤᠳᠠ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠵᠡᠷᠭᠡ 593 ᠲᠡᠷᠢᠭᠦᠨ ᠤ ᠬᠠᠮᠲᠤ ᠨᠢᠭᠡᠴᠢ ᠪᠣᠯᠤᠨ 1907 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃      ᠲᠥᠪ ᠤᠨ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠮᠣᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠢᠯᠤᠭᠤᠳᠬᠤ ᠵᠦᠪᠯᠡᠯ ᠤᠨ ᠠᠯᠪᠠᠨ ᠭᠡᠷ᠂ ᠲᠥᠪ ᠤᠨ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号