ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠡᠬᠢᠯᠡᠪᠡ  ᠱᠢ ᠲᠠᠢ ᠹᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2020/11/24
     11 ᠰᠠᠷ᠎ᠠ ᠶᠢᠨ 23᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠎ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠦᠬᠡᠬᠤᠳᠠ ᠳᠤ ᠡᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ 63 ᠬᠦᠮᠦᠨ ᠪᠤᠢ᠂ 57 ᠬᠦᠮᠦᠨ ᠨᠢ ᠲᠤᠰ ᠤᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠠᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠵᠠᠩ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠎ ᠤ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃
     ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠵᠠᠩ ᠱᠤᠤ ᠴᠦᠨ ᠤ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠯᠢᠶᠠᠨ ᠰᠤ᠋ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠦᠳᠡᠨ ᠤ ᠪᠦᠯᠭᠦᠮᠳᠠᠯ ᠲᠠᠪᠰᠢᠯᠳᠠ ᠶᠢ ᠠᠬᠢᠭᠤᠯᠬᠤ ᠲᠦᠷᠢᠮ ︵ᠲᠦᠰᠦᠯ︶︾᠎ ᠳᠤ ᠵᠠᠰᠠᠪᠤᠷᠢ ᠤᠷᠤᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠡᠤ ᠭᠦᠸᠧ ᠷᠦᠢ᠂ ᠪᠢᠯᠢᠭᠭᠦᠦ ᠶᠢᠨ ᠲᠤᠰ ᠲᠤᠰ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ ︵ᠲᠦᠰᠦᠯ︶︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠲᠦᠷᠢᠮ ︵ᠲᠦᠰᠦᠯ︶︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠶᠤᠨ ᠤ ᠡᠷᠡᠭᠦᠯ ᠬᠠᠮᠠᠭᠠᠯᠠᠯ ᠤᠨ ᠲᠦᠷᠢᠮ ︵ᠲᠦᠰᠦᠯ︶︾᠎ ᠢ ᠬᠢᠨᠡᠨ ᠵᠦᠪᠯᠡᠭᠰᠡᠨ ᠦᠷ᠎ᠠ ᠳ᠋ᠦᠡᠭ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠭᠦᠡᠭ ᠮᠢᠩ ᠵᠦ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠲᠦᠷᠢᠮ ︵ᠲᠦᠰᠦᠯ︶︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠲᠠᠷᠤᠭ᠎ᠠ ᠬᠤᠤ ᠽᠧ ᠵᠢᠶᠦ᠋ᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠲᠦᠷᠢᠮ︾ ᠵᠡᠷᠭᠡ 4 ᠤᠷᠤᠨ ᠨᠤᠳᠤᠬ ᠤᠨ ᠴᠢᠨᠠᠷᠳᠠᠢ ᠬᠠᠤᠯᠢ ᠲᠦᠷᠢᠮ ᠳᠤ ᠵᠠᠰᠠᠪᠤᠷᠢ ᠤᠷᠤᠭᠤᠯᠤᠬᠰᠠᠨ ᠨᠤᠤᠷᠠᠬ ︵ᠲᠦᠰᠦᠯ︶᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠳᠠ ᠶᠢᠨ ᠵᠦᠪᠯᠡᠯ ᠤᠨ ᠲᠡᠳ᠋ ᠡᠷᠭᠢᠯᠡᠭᠴᠢ ᠭᠡᠰᠢᠭᠦᠨ ᠵᠸᠤ ᠴᠦᠨ ᠵᠢᠶᠧ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠦᠷᠢᠮ ︵ᠲᠦᠰᠦᠯ︶︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃      ᠬᠤᠷᠠᠯ ᠠᠴᠠ᠂ ᠬᠦᠭᠡᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠶᠦᠨ ᠵᠢᠶᠠᠨ ᠳ᠋ᠦᠡᠭ ᠤᠨ ᠬᠢᠭᠰᠡᠨ ︽ᠬᠦᠬᠡᠬᠤᠳᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠬᠦᠯᠦᠨ ᠪᠤᠶᠢᠷ ᠬᠤᠳᠠ ᠶᠢᠨ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠴᠧᠨ ᠯᠢ ᠰᠢᠨ ᠤ ᠬᠢᠭᠰᠡᠨ ︽ᠬᠦᠯᠤᠨ ᠪᠤᠶᠢᠷ ᠬᠤᠳᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠲᠦᠡᠭᠯᠢᠶᠤᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢ ᡁᠢ ᠭᠠᠨᠭ᠌ ᠤᠨ ᠬᠢᠭᠰᠡᠨ ︽ᠲᠦᠡᠭᠯᠢᠶᠤᠤ ᠬᠤᠳᠠ ᠶᠢᠨ ᠮᠤᠩᠭᠤᠯ ᠡᠮᠨᠡᠯᠭᠡ ᠶᠢᠨ ᠶᠠᠰᠦ ᠪᠠᠷᠢᠬᠤ ᠮᠡᠷᠭᠡᠵᠢᠯ ᠤᠨ ᠬᠠᠮᠠᠭᠠᠯᠠᠯᠳᠠ ᠶᠢᠨ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠤᠯᠠᠭᠠᠨᠬᠠᠳᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠽᠸᠤ ᠳ᠋ᠧ ᠬᠤᠸᠠ ᠶᠢᠨ ᠬᠢᠭᠰᠡᠨ ︽ᠤᠯᠠᠭᠠᠨᠬᠠᠳᠠ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠴᠢ ᠪᠢᠰᠢᠷᠡᠯᠳᠤ ᠶᠢᠨ ᠬᠢᠭᠰᠡᠨ ︽ᠤᠷᠳᠤᠰ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠬᠡᠤᠭᠡᠳ ᠤᠨ ᠴᠡᠴᠡᠷᠯᠢᠭ ᠢ ᠲᠦᠯᠦᠪᠵᠢᠭᠦᠯᠦᠨ ᠪᠠᠶᠢᠭᠤᠯᠬᠤ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠪᠠᠶᠠᠨᠨᠠᠭᠤᠷ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠶᠠᠨ ᠫᠸᠡᠭ ᠤᠨ ᠬᠢᠭᠰᠡᠨ ︽ᠪᠠᠶᠠᠨᠨᠠᠭᠤᠷ ᠬᠤᠳᠠ ᠶᠢᠨ ᠬᠤᠳᠠ ᠶᠢᠨ ᠠᠶᠠᠨᠴᠢᠳ ᠤᠨ ᠵᠦᠭᠡᠭᠡᠪᠤᠷᠢ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠦᠷᠢᠮ︾᠎ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃      ᠬᠤᠷᠠᠯ ᠠᠴᠠ᠂ ᠯᠢ ᠴᠢ ᠯᠢᠨ ᠤ ᠬᠢᠭᠰᠡᠨ ᠪᠦᠭᠦ ᠤᠷᠤᠨ ᠤ ᠪᠠᠶᠢᠴᠠᠭᠠᠬᠤ ᠪᠠᠶᠢᠭᠤᠯᠭ᠎ᠠ ᠶᠢᠨ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠯᠳᠠ ᠶᠢᠨ ᠠᠵᠢᠯ ᠢ ᠦᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠭᠡᠰᠢᠭᠦᠨ᠂ ᠭᠡᠰᠡᠭ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠪᠠ ᠠᠶᠢᠮᠠᠬ ᠤᠨ ᠠᠵᠢᠯ ᠤᠨ ᠬᠤᠷᠢᠶᠠᠨ ᠤ ᠬᠠᠷᠢᠭᠤᠴᠠᠯᠭᠠᠳᠠᠳ᠂ ᠡᠯ᠎ᠠ ᠲᠤᠭᠤᠷᠢᠭ ᠲᠠᠢ ᠬᠤᠳᠠ᠂ ᠲᠤᠰᠠᠭᠠᠷ ᠲᠦᠯᠦᠪᠯᠡᠭᠡᠳᠤ ᠬᠤᠳᠠ ᠪᠠ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭᠠᠳᠠᠳ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号