ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/27
     11 ᠳ᠋ᠦ᠋ᠭᠡᠷ ᠰᠠᠷ᠎ᠠ ᠶᠢᠨ 24 ᠤ ᠡᠳᠦᠷ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠸᠧᠶ ᠳ᠋ᠦᠩ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠾᠧ ᠶᠠᠨ ᠯᠢᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠶᠠᠪᠤᠳᠠᠯ ᠪᠣᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠪᠣᠳᠠᠲᠠᠶ ᠦᠢᠯᠡᠳᠦᠯᠭᠡ ᠮᠥᠨ᠂ ᠵᠣᠬᠢᠶᠠᠨ ᠪᠠᠶᠢᠭᠤᠯᠤᠯᠲᠠ ᠶᠢᠨ ᠬᠦᠴᠦᠷᠬᠡᠭ ᠰᠢᠰᠲ᠋ᠧᠮᠵᠢ ᠶᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠨᠡᠮᠡᠭᠳᠡᠭᠦᠯᠬᠦ ᠶᠢᠨ ᠴᠢᠬᠤᠯᠠ ᠪᠠᠲᠤᠯᠠᠭ᠎ᠠ ᠮᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠤᠷᠲᠤᠳᠬᠠᠵᠦ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠠᠬᠢᠭᠤᠯᠬᠤ ᠠᠰᠢᠭᠲᠠᠢ ᠠᠵᠠ ᠲᠣᠬᠢᠶᠠᠯ ᠮᠥᠨ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ ᠠᠳᠬᠤᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ ᠢ ᠰᠢᠯᠢᠳᠡᠭ ᠢ ᠨᠢ ᠰᠣᠩᠭᠤᠨ ᠳᠣᠭᠢᠷᠠᠭᠤᠯᠬᠤ ᠬᠡᠷᠡᠭᠲᠡᠶ᠃ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠭᠠᠴᠠᠭ᠎ᠠ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠡᠨᠡ ᠵᠢᠯ ᠤᠨ 11 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ 1.1 ᠲᠦᠮᠡ ᠭᠠᠷᠤᠶ ᠭᠠᠴᠠᠭ᠎ᠠ ᠲᠣᠰᠬᠤᠨ ᠪᠣᠯᠤᠨ 2500 ᠭᠠᠷᠤᠶ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠬᠤᠭᠤᠴᠠᠭ᠎ᠠ ᠰᠣᠯᠢᠬᠤ ᠪᠣᠯᠣᠨ᠎ᠠ᠃ ᠡᠨᠡ ᠪᠣᠯ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠬᠤᠲᠠ ᠰᠢᠶᠠᠨ ᠰᠢᠶᠠᠩ ᠤᠨ ᠬᠤᠭᠤᠴᠠᠭ᠎ᠠ ᠰᠣᠯᠢᠬᠤ ᠲᠠᠢ ᠵᠡᠷᠭᠡᠪᠡᠷ ᠶᠠᠪᠤᠭᠳᠠᠭᠰᠠᠨ ᠠᠩᠬ᠎ᠠ ᠤᠳᠠᠭᠠᠨ ᠤ ᠬᠤᠭᠤᠴᠠᠭ᠎ᠠ ᠰᠣᠯᠢᠬᠤ ᠠᠵᠢᠯ ᠪᠣᠯᠤᠨ᠎ᠠ᠂ ᠲᠡᠷᠡᠴᠢᠯᠡᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠢᠶᠠᠯ ᠤᠨ ᠬᠤᠭᠤᠴᠠᠭ᠎ᠠ ᠶᠢ 3 ᠵᠢᠯ ᠪᠠᠶᠢᠭᠰᠠᠨ ᠠᠴᠠ ᠨᠢ 5 ᠵᠢᠯ ᠪᠣᠯᠭᠠᠨ ᠥᠭᠡᠷᠡᠴᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号