ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/27
     11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ  ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠪᠣᠯᠤᠨ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠥ᠂ 2020 ᠣᠨ ᠤ ᠠᠶᠢᠮᠠᠭ ᠬᠤᠲᠠ ᠶᠢᠨ ᠨᠠᠮ  ᠤᠨ ᠬᠤᠷᠢᠶ᠎ᠠ᠂ ᠵᠠᠰᠠᠭ ᠤᠨ ᠣᠷᠳᠣᠨ ︵ᠵᠠᠰᠠᠭ ᠵᠠᠬᠢᠷᠭ᠎ᠠ︶ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠲᠥᠰᠦᠯ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠤᠨ ᠰᠢᠯᠭᠠᠨ ᠬᠢᠨᠠᠬᠤ ᠠᠵᠢᠯ ᠤᠨ ᠲᠥᠰᠦᠯ ᠢ ᠰᠤᠳᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠣᠤ ᠴᠦᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠳᠣᠯᠣᠳᠡᠬᠢ ᠤᠯᠤᠰ ᠤᠨ ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ ᠲᠠᠰᠢᠷᠠᠮ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠥᠭᠴᠦ᠂ ᠶᠠᠳᠠᠭᠤ ᠠᠴᠠ ᠠᠩᠭᠢᠵᠢᠷᠠᠭᠤᠯᠬᠤ ᠡᠴᠦᠰ ᠤᠨ ᠪᠠᠬᠢᠯᠡᠯᠲᠡ ᠶᠢ ᠰᠢᠪᠲᠤᠯᠬᠤ ᠤᠷᠤᠭᠰᠢᠯᠠᠯᠲᠠ ᠶᠢᠨ ᠵᠠᠷᠯᠢᠭ ᠪᠠᠭᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠬᠦ ᠳᠤ ᠬᠦᠴᠦᠷᠬᠡᠭ ᠶᠡᠭᠡ ᠦᠵᠡᠯ ᠰᠠᠨᠠᠭ᠎ᠠ ᠪᠠ ᠠᠵᠢᠯᠯᠠᠭᠠᠨ ᠤ ᠬᠦᠴᠦᠨ ᠨᠡᠮᠡᠷᠢᠯᠡᠪᠡ᠃ ᠤᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠬᠠᠮᠤᠭ ᠡᠴᠦᠰ ᠤᠨ ᠱᠠᠲᠤ ᠦᠶ᠎ᠡ ᠶᠢᠨ ᠬᠠᠮᠤᠭ ᠡᠴᠦᠰ ᠤᠨ ᠴᠠᠭ ᠮᠥᠴᠡ ᠳᠤ ᠬᠦᠷᠴᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠴᠤᠰ ᠤᠨ ᠰᠢᠪᠳᠤᠯᠤᠯᠳᠠ ᠬᠢᠬᠦ ᠰᠡᠭᠦᠯ ᠬᠤᠷᠢᠶᠠᠬᠤ ᠡᠯ᠎ᠡ ᠵᠦᠢᠯ ᠤᠨ ᠠᠵᠢᠯ ᠢ ᠨᠢᠭᠡ ᠯᠠ ᠠᠮᠢᠰᠬᠤᠭ᠎ᠠ ᠪᠠᠷ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠦᠯᠡᠳᠡᠵᠤ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠨᠢᠭᠳᠠ ᠠᠩᠬᠠᠷᠴᠤ᠂ ᠬᠠᠷᠠᠯᠲᠠ ᠪᠠᠷᠢᠮᠵᠢᠶ᠎ᠠ ᠶᠢ ᠪᠠᠷᠢᠮᠲᠠᠯᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠲᠥᠷᠥ ᠶᠢᠨ ᠪᠣᠳᠣᠯᠭ᠎ᠠ ᠪᠠ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ ᠤᠷᠬᠢᠭᠳᠠᠭᠰᠠᠨ ᠢ ᠨᠥᠬᠦᠪᠥᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠭᠦᠰ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠪᠠᠳᠤᠯᠠᠬᠤ ᠬᠡᠷᠡᠭᠳᠠᠢ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯᠯᠠᠭ᠎ᠠ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠬᠦᠴᠦᠨ ᠢᠶᠠᠷ  ᠢᠶᠠᠨ ᠰᠠᠶᠢᠲᠤᠷ ᠪᠡᠶᠡᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠶ ᠦᠷ᠎ᠠ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠠᠢ᠃ ︽ᠳᠥᠷᠪᠡᠨ ᠬᠠᠶᠠᠬᠤ ᠦᠭᠡᠢ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠳᠡᠳᠬᠦᠬᠦ ᠪᠠᠷ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠲᠠᠬᠢᠨ ᠶᠠᠳᠠᠭᠤᠷᠠᠬᠤ  ᠶᠢ ᠰᠡᠷᠭᠡᠶᠢᠯᠡᠬᠦ ᠬᠢᠨᠠᠨ ᠡᠵᠡᠮᠳᠡᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠠ ᠪᠦᠲᠦᠭᠡᠯ ᠢᠶᠠᠨ ᠬᠦᠴᠦᠯᠡᠨ ᠪᠠᠬᠢᠵᠢᠭᠦᠯᠵᠦ᠂ ᠲᠠᠬᠢᠨ ᠶᠠᠳᠠᠭᠤᠷᠠᠬᠤ ᠪᠠ ᠶᠠᠳᠠᠭᠤᠷᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠦᠬᠡᠳᠭᠡᠬᠦ ᠪᠠᠶᠢᠯᠳᠤᠬᠤ ᠪᠤᠳᠤᠯᠭ᠎ᠠ ᠪᠣᠯᠤᠨ ᠠᠵᠢᠯ ᠤᠨ ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢᠶᠠᠨ ᠳ᠋ᠦᠩᠨᠡᠵᠦ ᠤᠬᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠬᠦ ᠠᠷᠠᠳ ᠢᠶᠠᠷ ᠢᠶᠠᠨ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠲᠡᠶᠢᠰᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠪᠣᠭᠤᠮᠲᠠ ᠰᠢᠪᠲᠤᠯᠬᠤ ᠬᠠᠷᠢᠭᠤᠴᠠᠯᠭ᠎ᠠ  ᠶᠢ ᠴᠢᠩᠭ᠎ᠠ ᠪᠦᠭᠡᠳ ᠪᠤᠳᠠᠳᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠶᠠᠳᠠᠭᠤ ᠶᠢ ᠲᠡᠳᠬᠦᠬᠦ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠨᠠᠷ ᠰᠠᠶᠢᠳᠠᠢ ᠢᠯᠠᠯᠲᠠ ᠶᠢ ᠤᠯᠬᠤ ᠳᠤ ᠪᠠᠲᠤ ᠴᠢᠩᠭ᠎ᠠ ᠬᠦᠴᠦᠳᠠᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号