ᠦᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ  ᠱᠢ ᠲᠠᠢ ᠹᠸᠡᠭ ᠬᠤᠷᠠᠯ ᠢ ᠡᠷᠬᠢᠯᠡᠵᠤ ᠶᠠᠷᠢᠶ᠎ᠠ ᠲᠠᠯᠪᠢᠬᠰᠠᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ
ᠨᠡᠶᠢᠲᠡᠯᠡᠭᠰᠡᠨ ᠴᠠᠭ᠄
2020/11/27

     11 ᠰᠠᠷ᠎ᠠ ᠶᠢᠨ 26 ᠤ ᠡᠳᠦᠷ᠂ ᠦᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃



     ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠪᠠ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃
     ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ 63 ᠬᠦᠮᠦᠨ᠂ 59 ᠬᠦᠮᠦᠨ ᠨᠢ ᠲᠤᠰ ᠤᠳᠠᠭ᠎ᠠ ᠶᠢᠨ ᠪᠦᠭᠦᠳᠡ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃
     ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠶᠤᠨ ᠤ ᠡᠷᠡᠭᠦᠯ ᠬᠠᠮᠠᠭᠠᠯᠠᠯ ᠤᠨ ᠲᠦᠷᠢᠮ︾ ᠢ ᠪᠠᠳᠤᠯᠠᠪᠠ᠃
     ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠲᠦᠷᠢᠮ︾ ᠵᠡᠷᠭᠡ 4 ᠤᠷᠤᠨ ᠨᠤᠳᠤᠬ ᠤᠨ ᠴᠢᠨᠠᠷᠳᠠᠢ ᠬᠠᠤᠯᠢ ᠲᠤᠬᠳᠠᠭᠠᠯ ᠳᠤ ᠵᠠᠰᠠᠪᠤᠷᠢ ᠤᠷᠤᠭᠤᠯᠬᠤ ᠲᠤᠬᠠᠢ ᠲᠤᠬᠳᠠᠭᠠᠯ︔ ︽ᠬᠦᠬᠡᠬᠤᠳᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ᠂ ︽ᠬᠦᠯᠦᠨ ᠪᠤᠶᠢᠷ ᠬᠤᠳᠠ ᠶᠢᠨ ᠪᠤᠯᠪᠠᠰᠤᠨ ᠠᠵᠢᠯᠯᠠᠭ᠎ᠠ ᠶᠢ ᠠᠬᠢᠭᠤᠯᠬᠤ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ᠂ ︽ᠲᠦᠡᠭᠯᠢᠶᠤᠤ ᠬᠤᠳᠠ ᠶᠢᠨ ᠮᠤᠩᠭᠤᠯ ᠡᠮᠨᠡᠯᠭᠡ ᠶᠢᠨ ᠶᠠᠰᠦ ᠪᠠᠷᠢᠬᠤ ᠮᠡᠷᠭᠡᠵᠢᠯ ᠤᠨ ᠬᠠᠮᠠᠭᠠᠯᠠᠯᠳᠠ ᠶᠢᠨ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ᠂ ︽ᠤᠯᠠᠭᠠᠨᠬᠠᠳᠠ ᠬᠤᠳᠠ ᠶᠢᠨ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ᠂ ︽ᠤᠷᠳᠤᠰ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠭᠡᠤᠭᠡᠳ ᠤᠨ ᠴᠡᠴᠡᠷᠯᠢᠭ ᠢ ᠲᠦᠯᠦᠪᠵᠢᠭᠦᠯᠦᠨ ᠪᠠᠶᠢᠭᠤᠯᠬᠤ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ᠂ ︽ᠪᠠᠶᠠᠨᠨᠠᠭᠤᠷ ᠬᠤᠳᠠ ᠶᠢᠨ ᠬᠤᠳᠠ ᠶᠢᠨ ᠠᠶᠠᠨᠴᠢᠳ ᠤᠨ ᠵᠦᠭᠡᠭᠡᠪᠤᠷᠢ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠲᠦᠷᠢᠮ︾ ᠢ ᠵᠦᠪᠰᠢᠶᠡᠷᠡᠭᠦ ᠲᠤᠬᠠᠢ ᠰᠢᠢᠳᠪᠤᠷᠢ ᠶᠢ ᠪᠠᠳᠤᠯᠠᠪᠠ᠃
     ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠢ ᠬᠤᠷᠠᠯᠳᠤᠭᠤᠯᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠢ ᠪᠠᠳᠤᠯᠠᠵᠦ᠂ ︽ᠲᠤᠭᠤᠷᠢᠭ ᠲᠠᠢ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠴᠠᠬ ᠲᠤ ᠲᠤᠬᠢᠷᠠᠭᠤᠯᠭ᠎ᠠ ᠬᠢᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠢ ᠪᠠᠳᠤᠯᠠᠵᠤ᠂ ︽ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠯᠳᠠ ᠶᠢᠨ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ︾ ᠢ ᠪᠠᠳᠤᠯᠠᠵᠦ᠂ ︽2020 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠲᠤᠬᠢᠷᠠᠭᠤᠯᠭ᠎ᠠ ᠶᠢᠨ ᠲᠦᠰᠦᠯ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ︾ ᠶᠢ ᠪᠠᠳᠤᠯᠠᠪᠠ᠃
     ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃
     ᠱᠢ ᠲᠠᠢ ᠹᠸᠡᠭ ᠠᠴᠠ ᠮᠦ ᠶᠤᠸᠠᠨ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃
     ᠮᠦ ᠶᠤᠸᠠᠨ ᠦᠨᠳᠦᠰᠦᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃
     ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠢᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠠ ᠬᠦᠭᠵᠢᠯᠳᠠ ᠶᠢᠨ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠢᠨᠠᠮᠠᠭᠠᠢ ᠲᠦᠰᠦᠪᠯᠡᠵᠦ᠂ ᠦᠪᠡᠷᠳᠡᠭᠡᠨ ᠵᠠᠰᠠᠬᠤ ᠤᠷᠤᠨ ᠤ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠦᠳᠤᠯᠪᠤᠷᠢ ᠶᠢᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠶᠢᠨ ᠬᠠᠮᠢᠶ᠎ᠠ ᠪᠦᠭᠦᠢ ᠠᠭᠤᠯᠭ᠎ᠠ ᠶᠢ ᠰᠠᠶᠢᠳᠤᠷ ᠲᠤᠬᠳᠠᠭᠠᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠮᠠᠨ ᠤ ᠤᠷᠤᠨ ᠤ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠦᠳᠤᠯᠪᠤᠷᠢ ᠶᠢ ᠬᠢᠨᠠᠨ ᠪᠠᠶᠢᠴᠠᠭᠠᠵᠦ ᠵᠦᠪᠰᠢᠶᠡᠷᠡᠭᠦ ᠠᠵᠢᠯ ᠢ ᠰᠠᠶᠢᠳᠤᠷ ᠬᠢᠵᠦ᠂ ᠨᠠᠮ ᠤᠨ ᠭᠤᠤᠯ ᠵᠤᠷᠢᠯᠳᠠ ᠪᠤᠯ ᠬᠠᠤᠯᠢ ᠳᠤ ᠲᠤᠬᠳᠠᠭᠠᠬᠰᠠᠨ ᠲᠠᠰ ᠲᠠᠷᠠᠭᠠᠯᠠᠯ ᠢᠶᠠᠷ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠵᠤᠷᠢᠯᠳᠠ ᠪᠤᠯᠬᠤ ᠶᠢ ᠪᠠᠳᠤᠯᠠᠬᠤ ᠬᠡᠷᠡᠭᠳᠡᠢ᠃ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ ᠪᠠ ᠲᠦᠪ ᠬᠤᠷᠢᠶᠠᠨ ᠤ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠲᠠᠯ᠎ᠠ ᠪᠠᠷ ᠲᠤᠷᠠᠳᠤᠬᠰᠠᠨ ᠶᠡᠷᠦᠩᠭᠡᠢ ᠱᠠᠭᠠᠷᠳᠠᠯᠭ᠎ᠠ ᠪᠠ ᠭᠤᠤᠯᠳᠠᠯᠭ᠎ᠠ ᠲᠠᠢ ᠠᠵᠢᠯ ᠲᠠᠢ ᠨᠢᠬᠳᠠ ᠤᠶᠠᠯᠳᠤᠭᠤᠯᠵᠤ᠂ ᠨᠠᠮ ᠤᠨ ᠲᠦᠪ ᠬᠤᠷᠢᠶᠠᠨ ᠤ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠴᠢᠩᠭ᠎ᠠ ᠭᠤᠶᠢᠪᠢᠰᠢ ᠦᠭᠡᠢ ᠪᠠᠷ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠦᠭᠦ ᠲᠠᠯ᠎ᠠ ᠪᠠᠷ ᠲᠤᠭᠤᠰᠢᠯᠠᠭᠤᠯᠤᠬᠳᠠᠨ ᠨᠠᠶᠢᠳᠠᠪᠤᠷᠢᠵᠢᠭᠤᠯᠤᠬᠳᠠᠬᠤ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
     ᠬᠤᠷᠠᠯ ᠠᠴᠠ᠂ ᠡᠯ᠎ᠠ ᠭᠠᠵᠡᠷ ᠡᠯ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠢᠨ ᠲᠤᠰ ᠤᠳᠠᠭ᠎ᠠ ᠶᠢᠨ ᠬᠤᠷᠠᠯ ᠠᠴᠠ ᠪᠠᠳᠤᠯᠠᠬᠰᠠᠨ ᠤᠷᠤᠨ ᠨᠤᠳᠤᠬ ᠤᠨ ᠴᠢᠨᠠᠷᠳᠠᠢ ᠬᠠᠤᠯᠢ ᠲᠤᠬᠳᠠᠭᠠᠯ ᠢ ᠬᠢᠨᠠᠮᠠᠭᠠᠢ ᠤᠬᠠᠭᠤᠯᠤᠨ᠂ ᠰᠠᠶᠢᠳᠤᠷ ᠲᠠᠶᠢᠯᠪᠤᠷᠢᠯᠠᠵᠤ᠂ ᠬᠡᠷᠡᠭᠵᠢᠭᠦᠯᠭᠦ ᠪᠠᠳᠤᠯᠠᠭ᠎ᠠ ᠶᠢ ᠴᠢᠩᠭᠠᠳᠬᠠᠵᠦ᠂ ᠬᠠᠤᠯᠢᠵᠢᠯ ᠤᠨ ᠤᠢᠢᠯᠠᠭᠠᠬᠳᠠᠬᠤᠨ ᠢ ᠬᠦᠮᠦᠰ ᠤᠨ ᠰᠡᠳᠭᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠳᠡᠢ᠃ ᠬᠠᠮᠢᠶ᠎ᠠ ᠪᠦᠭᠦᠢ ᠲᠠᠯ᠎ᠠ ᠶᠢᠨ ᠬᠢᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠬᠰᠠᠨ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠯᠳᠠ ᠶᠢᠨ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠲᠤᠬᠳᠠᠭᠠᠯ ᠢ ᠬᠢᠨᠠᠮᠠᠭᠠᠢ ᠭᠦᠢᠴᠡᠳᠭᠡᠵᠦ᠂ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠭᠡᠶᠢᠯᠡᠨ ᠬᠡᠷᠡᠭᠯᠡᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠴᠢᠭᠢᠷᠠᠬ ᠢᠶᠠᠷ ᠦᠰᠤᠨ ᠪᠤᠶᠢᠵᠢᠬᠤ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠳᠤᠯᠠᠬᠤ ᠬᠡᠷᠡᠭᠳᠡᠢ᠃ ᠪᠦᠭᠦ ᠤᠷᠤᠨ ᠤ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠯᠤᠰ ᠤᠨ ᠦᠮᠴᠢᠯᠠᠯᠳᠤ ᠡᠳ᠋ ᠬᠦᠷᠦᠩᠭᠡ ᠳᠤ ᠭᠢᠨᠠᠯᠳᠠ ᠲᠠᠯᠪᠢᠬᠤ ᠠᠵᠢᠯ ᠦᠷᠨᠢᠭᠦᠯᠭᠦ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠤᠬᠳᠠᠭᠠᠯᠳᠠ ᠶᠤᠰᠤᠭᠠᠷ᠂ ᠲᠦᠷᠢᠮ ᠲᠤᠬᠳᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠬᠢᠨᠠᠯᠳᠠ ᠲᠠᠯᠪᠢᠬᠤ ᠶᠠᠰᠦ ᠴᠢᠨᠠᠷ ᠢ ᠲᠡᠭᠡᠭᠰᠢᠯᠡᠭᠦᠯᠤᠨ᠂ ᠪᠦᠭᠦ ᠤᠷᠤᠨ ᠤ ᠠᠷᠠᠳ ᠲᠦᠮᠡᠨ ᠤ ᠬᠠᠮᠳᠤ ᠶᠢᠨ ᠡᠳ᠋ ᠬᠦᠷᠦᠩᠭᠡ ᠶᠢ ᠬᠠᠤᠯᠢ ᠶᠤᠰᠤᠭᠠᠷ ᠰᠠᠶᠢᠳᠤᠷ ᠬᠠᠮᠢᠶᠠᠷᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠ ᠲᠦᠯᠦᠭᠡᠯᠡᠭᠴᠢ ᠶᠢᠨ ᠰᠠᠨᠠᠭᠤᠯᠭ᠎ᠠ ᠶᠢ ᠲᠠᠭᠠᠭᠠᠴᠢᠯᠠᠨ ᠰᠢᠢᠳᠪᠤᠷᠢᠯᠡᠭᠦ ᠰᠠᠯᠠᠭ᠎ᠠ ᠮᠦᠴᠢᠷ ᠤᠨ ᠬᠢᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠤᠷᠢᠯᠡᠭᠦ ᠶᠢ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠬᠳᠠ ᠤᠶᠠᠯᠳᠤᠭᠤᠯᠵᠦ᠂ ᠴᠢᠨᠠᠷ ᠰᠠᠶᠢᠳᠠᠢ ᠰᠠᠨᠠᠭᠤᠯᠭ᠎ᠠ ᠶᠢ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠬᠦᠭᠵᠢᠯᠳᠠ ᠶᠢ ᠠᠭᠢᠭᠤᠯᠬᠤ ᠪᠤᠳᠠᠳᠠᠢ ᠠᠷᠭ᠎ᠠ ᠬᠡᠮᠵᠢᠶ᠎ᠠ ᠪᠤᠯᠭᠠᠨ ᠦᠨᠡᠨ ᠬᠦ ᠬᠤᠪᠢᠷᠠᠭᠤᠯᠬᠤ ᠬᠡᠷᠡᠭᠳᠡᠢ᠃ ᠪᠠᠶᠢᠡᠭᠭᠤ ᠶᠢᠨ ᠬᠤᠷᠢᠶᠠᠨ ᠤ ᠪᠦᠷᠢᠯᠳᠦᠭᠦᠨ ᠨᠠᠷ ᠪᠠ ᠪᠠᠶᠢᠡᠭᠭᠤ ᠶᠢᠨ ᠬᠤᠷᠢᠶᠠᠨ ᠤ ᠡᠯ᠎ᠠ ᠠᠵᠢᠯ ᠤᠨ ᠰᠠᠯᠠᠭ᠎ᠠ ᠮᠦᠴᠢᠷ ᠣᠨ ᠤ ᠰᠡᠭᠦᠯ ᠬᠤᠷᠢᠶᠠᠬᠤ ᠠᠵᠢᠯ ᠪᠠ ᠳ᠋ᠥᠡᠭᠨᠡᠯᠳᠡ ᠬᠢᠭᠦ ᠠᠵᠢᠯ ᠢ ᠬᠢᠨᠠᠮᠠᠭᠠᠢ ᠰᠠᠶᠢᠳᠤᠷ ᠬᠢᠵᠦ᠂ ᠪᠠᠶᠢᠡᠭᠭᠤ ᠶᠢᠨ ᠬᠤᠷᠢᠶᠠᠨ ᠤ ᠲᠠᠷᠠᠭ᠎ᠠ ᠵᠢᠯ ᠤᠨ ᠬᠠᠤᠯᠢ ᠲᠤᠬᠳᠠᠭᠠᠬᠤ᠂ ᠬᠢᠨᠠᠯᠳᠠ ᠲᠠᠯᠪᠢᠬᠤ᠂ ᠲᠤᠬᠳᠠᠭᠠᠯ᠂ ᠲᠦᠯᠦᠭᠡᠯᠡᠭᠴᠢ ᠵᠡᠷᠭᠡ ᠠᠵᠢᠯ ᠤᠨ ᠲᠦᠷᠦᠯ ᠵᠦᠢᠯ ᠤᠨ ᠰᠠᠨᠠᠭᠤᠯᠭ᠎ᠠ ᠶᠢ ᠴᠠᠬ ᠢ ᠠᠮᠵᠢᠨ ᠰᠤᠳᠤᠯᠤᠨ ᠲᠤᠷᠠᠳᠴᠤ᠂ ᠲᠤᠭᠤᠷᠢᠭ ᠲᠠᠢ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ ᠰᠤᠮᠤ ︵ᠰᠢᠶᠠᠩ᠂ ᠪᠠᠯᠭᠠᠰᠦ︶ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠪᠡᠯᠡᠳᠭᠡᠯ ᠠᠵᠢᠯ ᠢ ᠬᠢᠨᠠᠮᠠᠭᠠᠢ ᠰᠠᠶᠢᠳᠤᠷ ᠬᠢᠵᠦ᠂ ᠶᠡᠭᠡ ᠬᠤᠷᠠᠯ ᠤᠨ ᠤᠷᠤᠬᠰᠢᠳᠠᠢ ᠬᠤᠷᠠᠯᠳᠤᠵᠦ᠂ ᠲᠡᠭᠦᠰ ᠠᠮᠵᠢᠯᠳᠠ ᠲᠠᠢ ᠪᠤᠯᠬᠤ ᠶᠢ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ