ᠠᠯᠪᠠᠨ ᠵᠠᠷ
ᠨᠡᠶᠢᠲᠡᠯᠡᠭᠰᠡᠨ ᠴᠠᠭ᠄
2020/11/27
     ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠲᠦᠢᠯ ᠤᠨ ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠪᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠪᠠ᠄ 2020 ᠣᠨ 11 ᠳ᠋ᠦ᠋ᠭᠡᠷ ᠰᠠᠷ᠎ᠠ ᠶᠢᠨ 26 ᠤ ᠡᠳᠦᠷ ᠤᠨ 17 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠵᠠᠯᠠᠶᠢᠨᠠᠭᠤᠷ ᠲᠣᠭᠤᠷᠢᠭ ᠤᠨ ᠳᠥᠷᠪᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠦᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠳᠡᠰ ᠤᠨ ᠠᠶᠤᠯ ᠲᠦᠭᠰᠢᠭᠦᠷᠢᠲᠡᠶ ᠭᠠᠵᠠᠷ ᠣᠷᠣᠨ ᠢᠶᠠᠷ ᠵᠠᠭᠠᠭᠯᠠᠨ ᠲᠣᠭᠲᠠᠭᠠᠭᠰᠠᠨ ᠪᠦᠭᠡᠳ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠮᠠᠨᠵᠤᠤᠷ ᠬᠤᠲᠠ ᠶᠢᠨ ᠪᠤᠰᠤᠳ ᠣᠷᠣᠨ ᠪᠦᠰᠡ ᠶᠢᠨ ᠲᠦᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃                   ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ                   ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ