11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠪᠠ | ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠢ ᠢᠯᠡ ᠵᠠᠷᠯᠠᠵᠥ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ | ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ | ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ | ᠬᠤᠷᠠᠯ ᠳᠤ ᠣᠷᠣᠯᠴᠠᠵᠠᠶ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ | ᠲᠠᠨᠢᠯᠲᠠ ᠪᠠᠨ ᠭᠦᠨᠵᠡᠭᠡᠶᠢᠷᠡᠭᠦᠯᠵᠦ᠂ ᠳᠠᠶᠢᠪᠤᠰᠢᠷᠠᠬᠤ ᠪᠤᠳᠤᠯ ᠬᠠᠯᠠᠰᠢᠷᠠᠬᠤ ᠰᠡᠳᠬᠢᠯᠬᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠵᠢᠭᠦᠯᠤᠨ ᠪᠠᠶᠢᠴᠠᠭᠠᠬᠤ᠂ ᠲᠤᠰᠠᠭᠠᠷᠯᠠᠬᠤ᠂ ᠠᠪᠤᠷᠠᠨ ᠵᠠᠰᠠᠬᠤ᠂ ᠬᠠᠮᠢᠶᠠᠷᠤᠨ ᠡᠵᠡᠮᠳᠡᠬᠦ ᠵᠡᠷᠭᠡ | ᠠᠵᠢᠯ ᠢ ᠰᠠᠶᠢᠲᠤᠷ ᠬᠢᠵᠦ᠂ ᠡᠮᠴᠢᠯᠡᠭᠡᠨ ᠡᠪᠡᠳᠴᠢᠨ ᠡᠮᠭᠡᠭ ᠢ ᠰᠡᠷᠬᠡᠶᠢᠯᠡᠬᠦ ᠬᠦᠴᠦᠨ ᠪᠣᠯᠤᠨ ᠴᠢᠬᠤᠯᠠ ᠪᠦᠬᠦᠢ ᠡᠳ᠋ ᠪᠣᠳᠠᠰ ᠤᠨ ᠲᠤᠰᠠᠯᠠᠮᠵᠢ ᠶᠢ ᠴᠠᠭ ᠲᠤᠬᠠᠶ ᠳᠤᠨᠢ | ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠳᠡᠢ᠃ ︽ᠬᠥᠮᠦᠨ᠂ ᠪᠣᠳᠠᠰ︾ ᠵᠡᠷᠭᠡ ᠪᠠᠷ ᠰᠡᠷᠭᠡᠶᠢᠯᠡᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠬᠥᠮᠦᠰ ᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠶᠢ ᠤᠯᠠᠮ ᠨᠢᠬᠡ ᠠᠯᠬᠤᠮ ᠴᠢᠩᠭᠠᠳᠬᠠᠵᠤ | ᠂ ᠭᠠᠳᠠᠨ᠎ᠡ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠬᠤ ᠬᠦᠯᠳᠡᠬᠦᠦ ᠪᠠᠷ ᠵᠦᠬᠡᠬᠡᠪᠦᠷᠢᠯᠡᠬᠦ ᠢᠳᠡᠭᠡᠨ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃ | ᠬᠤᠷᠠᠯ ᠠᠴᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯᠣᠭᠤᠳᠤᠨ ᠲᠣᠬᠢᠷᠠᠭᠤᠯᠬᠤ ᠠᠵᠢᠯ ᠢᠶᠠᠨ ᠴᠢᠩᠭᠠᠳᠬᠠᠵᠤ | ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠭᠤᠯᠤᠯ ᠢᠶᠠᠨ ᠴᠢᠩᠭᠠᠳᠬᠠᠵᠤ᠂ ᠮᠡᠳᠡᠭᠡ ᠵᠠᠩᠭᠢ | ᠨᠡᠶᠢᠲᠡᠯᠡᠵᠦ ᠵᠠᠷᠯᠠᠬᠤ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ ᠬᠡᠵᠥ ᠱᠠᠭᠠᠷᠳᠠᠪᠠ᠃ |