11 ᠳ᠋ᠦ᠋ᠭᠡᠷ ᠰᠠᠷ᠎ᠠ ᠶᠢᠨ 24 ᠤ ᠡᠳᠦᠷ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠪᠥᠬᠦ ᠣᠷᠣᠨ ᠤ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ | ᠸᠧᠶ ᠳ᠋ᠦᠩ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠾᠧ ᠶᠠᠨ ᠯᠢᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠪᠥᠬᠦ ᠣᠷᠣᠨ ᠤ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ | ᠰᠢᠶᠤᠤ ᠬᠤᠶ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠬᠦ ᠶᠠᠪᠤᠳᠠᠯ ᠪᠣᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠵᠤ᠂ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠪᠣᠳᠠᠲᠠᠶ ᠦᠢᠯᠡᠳᠦᠯᠭᠡ | ᠮᠥᠨ᠂ ᠵᠣᠬᠢᠶᠠᠨ ᠪᠠᠶᠢᠭᠤᠯᠤᠯᠲᠠ ᠶᠢᠨ ᠬᠦᠴᠦᠷᠬᠡᠭ ᠰᠢᠰᠲ᠋ᠧᠮᠵᠢ ᠶᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠨᠡᠮᠡᠭᠳᠡᠭᠦᠯᠬᠦ ᠶᠢᠨ | ᠴᠢᠬᠤᠯᠠ ᠪᠠᠲᠤᠯᠠᠭ᠎ᠠ ᠮᠦᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠤᠷᠲᠤᠳᠬᠠᠵᠦ᠂ ᠦᠨᠳᠦᠰᠦᠨ ᠱᠠᠲᠤᠨ ᠤ ᠤᠯᠤᠰ | ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠢ ᠠᠬᠢᠭᠤᠯᠬᠤ ᠠᠰᠢᠭᠲᠠᠢ ᠠᠵᠠ ᠲᠣᠬᠢᠶᠠᠯ ᠮᠥᠨ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ | ᠠᠳᠬᠤᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ ᠢ ᠰᠢᠯᠢᠳᠡᠭ ᠢ ᠨᠢ ᠰᠣᠩᠭᠤᠨ ᠳᠣᠭᠢᠷᠠᠭᠤᠯᠬᠤ ᠬᠡᠷᠡᠭᠲᠡᠶ᠃ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠪᠠ | ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠭᠠᠴᠠᠭ᠎ᠠ ᠲᠤᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠡᠨᠡ ᠵᠢᠯ ᠤᠨ 11 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ 1.1 ᠲᠦᠮᠡ ᠭᠠᠷᠤᠶ ᠭᠠᠴᠠᠭ᠎ᠠ ᠲᠣᠰᠬᠤᠨ ᠪᠣᠯᠤᠨ | 2500 ᠭᠠᠷᠤᠶ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠬᠤᠭᠤᠴᠠᠭ᠎ᠠ ᠰᠣᠯᠢᠬᠤ ᠪᠣᠯᠣᠨ᠎ᠠ᠃ ᠡᠨᠡ ᠪᠣᠯ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠨᠢ ᠬᠤᠲᠠ ᠰᠢᠶᠠᠨ ᠰᠢᠶᠠᠩ ᠤᠨ ᠬᠤᠭᠤᠴᠠᠭ᠎ᠠ ᠰᠣᠯᠢᠬᠤ ᠲᠠᠢ ᠵᠡᠷᠭᠡᠪᠡᠷ ᠶᠠᠪᠤᠭᠳᠠᠭᠰᠠᠨ ᠠᠩᠬ᠎ᠠ ᠤᠳᠠᠭᠠᠨ ᠤ ᠬᠤᠭᠤᠴᠠᠭ᠎ᠠ ᠰᠣᠯᠢᠬᠤ ᠠᠵᠢᠯ | ᠪᠣᠯᠤᠨ᠎ᠠ᠂ ᠲᠡᠷᠡᠴᠢᠯᠡᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠢᠶᠠᠯ ᠤᠨ ᠬᠤᠭᠤᠴᠠᠭ᠎ᠠ ᠶᠢ 3 ᠵᠢᠯ ᠪᠠᠶᠢᠭᠰᠠᠨ ᠠᠴᠠ ᠨᠢ 5 | ᠵᠢᠯ ᠪᠣᠯᠭᠠᠨ ᠥᠭᠡᠷᠡᠴᠢᠯᠡᠪᠡ᠃ | |