ᠪᠦᠬᠦ ᠣᠷᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/27
     11 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠬᠠᠷᠠᠭᠠᠨ ᠳᠠᠪᠲᠠᠮᠵᠢ ᠶᠢᠨ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠬᠤᠷᠠᠯ ᠢ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠣᠯ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠲᠦᠷᠢᠮ ᠤᠨ ᠲᠣᠬᠢᠷᠠᠭᠤᠯᠤᠯᠲᠠ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠲᠥᠪ ᠤᠨ ᠱᠠᠭᠠᠷᠳᠠᠯᠭ᠎ᠠ ᠯᠤᠭ᠎ᠠ ᠴᠢᠩᠭ᠎ᠠ ᠬᠠᠷᠢᠴᠠᠭᠤᠯᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠨᠢᠭᠡᠳ ᠨᠢᠭᠡ ᠪᠠᠷ ᠳᠠᠬᠢᠵᠤ ᠪᠠᠶᠢᠴᠠᠭᠠᠨ ᠬᠢᠨᠠᠨ ᠬᠠᠷᠭᠤᠭᠤᠯᠵᠤ᠂ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠠᠰᠠᠭᠤᠳᠠᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠡᠴᠦᠰ ᠠᠴᠠ ᠡᠮᠦᠨ᠎ᠡ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ︽ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ︾ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠳᠠᠪᠠᠭ᠋ᠤ ᠪᠣᠭᠤᠮᠲᠠ ᠪᠣᠯᠤᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠴᠠᠭ ᠮᠦᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠷᠢᠨ ᠢᠯᠠᠯᠲᠠ ᠤᠯᠬᠤ ᠦᠭᠡᠢ ᠪᠣᠯ ᠴᠡᠷᠢᠭ ᠢᠶᠠᠨ ᠶᠠᠭᠠᠬᠢᠭᠰᠠᠨ ᠴᠤ ᠬᠤᠷᠢᠶᠠᠬᠤ ᠦᠭᠡᠢ ᠢᠲᠡᠭᠡᠯ ᠵᠣᠷᠢᠭ ᠢᠶᠠᠷ ᠪᠣᠬᠢᠷᠲᠤᠯ ᠢ ᠰᠡᠷᠭᠡᠶᠢᠯᠡᠨ ᠵᠠᠰᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ