11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ | ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠪᠣᠯᠤᠨ 2020 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ | ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠥ᠂ 2020 ᠣᠨ ᠤ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ | ᠤᠨ ᠣᠷᠳᠣᠨ ︵ᠵᠠᠰᠠᠭ ᠵᠠᠬᠢᠷᠭ᠎ᠠ︶ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠬᠢᠨᠠᠬᠤ ᠠᠵᠢᠯ | ᠤᠨ ᠲᠥᠰᠦᠯ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠤᠨ | ᠰᠢᠯᠭᠠᠨ ᠬᠢᠨᠠᠬᠤ ᠠᠵᠢᠯ ᠤᠨ ᠲᠥᠰᠦᠯ ᠢ ᠰᠤᠳᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ | ᠯᠢᠦ ᠴᠢ ᠹᠠᠨ᠂ ᠪᠠᠶ ᠢᠦᠶ ᠭᠠᠩ᠂ ᠶᠠᠩ ᠸᠧᠶ ᠳ᠋ᠦᠩ᠂ ᠵᠠᠩ ᠱᠣᠤ ᠴᠦᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠳᠣᠯᠣᠳᠡᠬᠢ ᠤᠯᠤᠰ ᠤᠨ ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ ᠲᠠᠰᠢᠷᠠᠮ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠥᠭᠴᠦ᠂ ᠶᠠᠳᠠᠭᠤ ᠠᠴᠠ ᠠᠩᠭᠢᠵᠢᠷᠠᠭᠤᠯᠬᠤ ᠡᠴᠦᠰ ᠤᠨ ᠪᠠᠬᠢᠯᠡᠯᠲᠡ ᠶᠢ | ᠰᠢᠪᠲᠤᠯᠬᠤ ᠤᠷᠤᠭᠰᠢᠯᠠᠯᠲᠠ ᠶᠢᠨ ᠵᠠᠷᠯᠢᠭ ᠪᠠᠭᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠬᠦ ᠳᠤ ᠬᠦᠴᠦᠷᠬᠡᠭ ᠶᠡᠭᠡ ᠦᠵᠡᠯ ᠰᠠᠨᠠᠭ᠎ᠠ ᠪᠠ ᠠᠵᠢᠯᠯᠠᠭᠠᠨ ᠤ ᠬᠦᠴᠦᠨ ᠨᠡᠮᠡᠷᠢᠯᠡᠪᠡ᠃ | ᠤᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ ᠬᠠᠮᠤᠭ ᠡᠴᠦᠰ ᠤᠨ ᠱᠠᠲᠤ ᠦᠶ᠎ᠡ ᠶᠢᠨ ᠬᠠᠮᠤᠭ ᠡᠴᠦᠰ ᠤᠨ ᠴᠠᠭ | ᠮᠥᠴᠡ ᠳᠤ ᠬᠦᠷᠴᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠴᠤᠰ ᠤᠨ ᠰᠢᠪᠳᠤᠯᠤᠯᠳᠠ ᠬᠢᠬᠦ ᠰᠡᠭᠦᠯ ᠬᠤᠷᠢᠶᠠᠬᠤ ᠡᠯ᠎ᠡ ᠵᠦᠢᠯ ᠤᠨ ᠠᠵᠢᠯ ᠢ ᠨᠢᠭᠡ ᠯᠠ | ᠠᠮᠢᠰᠬᠤᠭ᠎ᠠ ᠪᠠᠷ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ | ᠢᠯᠠᠯᠲᠠ ᠶᠢ ᠲᠡᠮᠡᠴᠡᠨ ᠣᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠦᠯᠡᠳᠡᠵᠤ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠨᠢᠭᠳᠠ ᠠᠩᠬᠠᠷᠴᠤ᠂ ᠬᠠᠷᠠᠯᠲᠠ ᠪᠠᠷᠢᠮᠵᠢᠶ᠎ᠠ ᠶᠢ ᠪᠠᠷᠢᠮᠲᠠᠯᠠᠵᠤ᠂ ᠪᠣᠭᠤᠮᠲᠠ | ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠲᠥᠷᠥ ᠶᠢᠨ ᠪᠣᠳᠣᠯᠭ᠎ᠠ ᠪᠠ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠ ᠶᠢ ᠪᠠᠲᠤᠯᠠᠬᠤ︾ | ᠪᠠ ᠤᠤᠭᠤᠬᠤ ᠤᠰᠤᠨ ᠤ ᠠᠮᠤᠷ ᠲᠦᠪᠰᠢᠨ ᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠤ ᠤᠷᠬᠢᠭᠳᠠᠭᠰᠠᠨ ᠢ ᠨᠥᠬᠦᠪᠥᠷᠢᠯᠡᠬᠦ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠭᠦᠰ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠪᠠᠳᠤᠯᠠᠬᠤ ᠬᠡᠷᠡᠭᠳᠠᠢ᠃ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠠᠵᠢᠯᠯᠠᠭ᠎ᠠ ᠳᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢᠨ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠦᠷᠢᠮ ᠲᠣᠭᠲᠠᠭᠠᠯ | ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠨᠡᠩ ᠴᠢᠬᠤᠯᠠᠴᠢᠯᠠᠵᠤ᠂ ᠠᠰᠠᠭᠤᠳᠠᠯ ᠢ ᠰᠢᠢᠳᠪᠦᠷᠢᠯᠡᠭᠰᠡᠨ | ᠪᠣᠳᠠᠲᠠᠶ ᠦᠷ᠎ᠠ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠠᠢ᠃ ︽ᠳᠥᠷᠪᠡᠨ ᠬᠠᠶᠠᠬᠤ ᠦᠭᠡᠢ︾ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠶᠠᠳᠠᠭᠤ ᠶᠢ ᠳᠡᠳᠬᠦᠬᠦ ᠪᠠᠷ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠡᠵᠡᠮᠳᠡᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠠ ᠪᠦᠲᠦᠭᠡᠯ | ᠢᠶᠠᠨ ᠬᠦᠴᠦᠯᠡᠨ ᠪᠠᠬᠢᠵᠢᠭᠦᠯᠵᠦ᠂ ᠲᠠᠬᠢᠨ ᠶᠠᠳᠠᠭᠤᠷᠠᠬᠤ ᠪᠠ ᠶᠠᠳᠠᠭᠤᠷᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠴᠦᠬᠡᠳᠭᠡᠬᠦ ᠪᠠᠶᠢᠯᠳᠤᠬᠤ ᠪᠤᠳᠤᠯᠭ᠎ᠠ ᠪᠣᠯᠤᠨ ᠠᠵᠢᠯ ᠤᠨ ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠲᠣᠭᠲᠠᠭᠤᠨ ᠢᠶᠠᠷ | ᠰᠢᠯᠵᠢᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢᠶᠠᠨ ᠳ᠋ᠦᠩᠨᠡᠵᠦ ᠤᠬᠠᠭᠤᠯᠬᠤ ᠶᠢ ᠨᠠᠷᠢᠨ ᠬᠢᠨᠠᠮᠠᠭᠠᠢ | ᠰᠠᠶᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠬᠦ ᠠᠷᠠᠳ ᠢᠶᠠᠷ ᠢᠶᠠᠨ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠶᠢ ᠠᠯᠬᠤᠮ ᠠᠯᠬᠤᠮ ᠢᠶᠠᠷ | ᠪᠡᠶᠡᠯᠡᠭᠦᠯᠬᠦ ᠲᠡᠶᠢᠰᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠪᠣᠭᠤᠮᠲᠠ ᠰᠢᠪᠲᠤᠯᠬᠤ ᠬᠠᠷᠢᠭᠤᠴᠠᠯᠭ᠎ᠠ | ᠶᠢ ᠴᠢᠩᠭ᠎ᠠ ᠪᠦᠭᠡᠳ ᠪᠤᠳᠠᠳᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠬᠦᠷᠢᠶᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ | ᠤ ᠶᠠᠳᠠᠭᠤ ᠶᠢ ᠲᠡᠳᠬᠦᠬᠦ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠨᠠᠷ ᠰᠠᠶᠢᠳᠠᠢ ᠢᠯᠠᠯᠲᠠ | ᠶᠢ ᠤᠯᠬᠤ ᠳᠤ ᠪᠠᠲᠤ ᠴᠢᠩᠭ᠎ᠠ ᠬᠦᠴᠦᠳᠠᠢ ᠪᠠᠲᠤᠯᠠᠭ᠎ᠠ ᠬᠠᠩᠭᠠᠬᠤ ᠬᠡᠷᠡᠭᠲᠡᠢ ᠬᠡᠵᠥ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |