ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/11/27
     2020 ᠣᠨ ᠤ 11 ᠰᠠᠷ᠎ᠠ ᠶᠢᠨ 26 ᠤ ᠡᠳᠦᠷ ᠤᠨ 7 ᠴᠠᠭ ᠠᠴᠠ 11 ᠰᠠᠷ᠎ᠠ ᠶᠢᠨ 27 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃              2020 ᠣᠨ ᠤ 11 ᠰᠠᠷ᠎ᠠ ᠶᠢᠨ 27 ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ  ᠲᠣᠳᠣᠯᠠᠭᠰᠠᠨ ᠡᠪᠡᠳᠴᠢᠨ ᠤ ᠵᠢᠱᠢᠶ᠎ᠡ11᠂ ᠰᠡᠵᠢᠭᠯᠡᠯᠲᠡᠢ ᠡᠪᠡᠳᠴᠢᠨ ᠤ ᠵᠢᠱᠢᠶ᠎ᠡ 2᠂ ᠡᠪᠡᠳᠴᠢᠨ ᠤ ᠢᠯᠡᠷᠡᠯ  ᠦᠭᠡᠢ ᠬᠠᠯᠳᠠᠪᠤᠷᠢᠯᠠᠭᠳᠠᠭᠰᠠᠳ 1 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ 658 ᠨᠢᠭᠲᠠ ᠣᠶᠢᠷᠠᠲᠤᠭᠰᠠᠳ ᠢ ᠦᠯᠡᠳᠡᠭᠡᠯ ᠦᠭᠡᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃           ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 12 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号