ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ | ᠦᠢᠯᠡᠴᠢᠯᠡᠭᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠲᠦᠩᠯᠢᠶᠣᠤ ᠬᠤᠲᠠ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠪᠠᠷ ᠳᠠᠭᠠᠭᠤᠯᠤᠭᠴᠢ ᠪᠣᠯᠭᠠᠵᠤ᠂ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠪᠠᠶᠢᠭᠤᠯᠬᠤ᠂ | ᠬᠠᠤᠯᠢ ᠴᠠᠭᠠᠵᠠ ᠶᠢᠨ ᠦᠢᠯᠡᠴᠢᠯᠡᠭᠡᠨ ᠤ ᠤᠲᠠᠰᠤ ᠶᠢ ᠰᠢᠯᠤᠭᠤᠳᠬᠠᠬᠤ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠪᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠪᠠ᠃ | ᠲᠦᠩᠯᠢᠶᠣᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ︽ᠨᠢᠭᠡ ᠲᠤᠰᠬᠠᠶ ᠤᠲᠠᠰᠤ︾᠂ | ︽ᠳᠥᠷᠪᠡᠨ ᠱᠠᠲᠤᠨ ᠤ ᠲᠠᠪᠴᠠᠩ︾᠂ ︽ᠬᠠᠤᠯᠢ ᠴᠠᠭᠠᠵᠠ ᠶᠢᠨ ᠵᠥᠪᠯᠡᠭᠴᠢ︾ ᠶᠢᠨ ᠠᠵᠢᠯ ᠤᠨ ᠬᠠᠷᠠᠯᠲᠠ᠂ | ᠭᠤᠤᠯ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠲᠣᠭᠲᠠᠭᠠᠪᠠ᠃ ︽ᠨᠢᠭᠡ ᠲᠤᠰᠬᠠᠶ ᠤᠲᠠᠰᠤ︾ ᠭᠡᠳᠡᠭ ᠨᠢ | ᠳᠠᠷᠤᠶ ︽12348︾ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠠᠣᠯᠢ ᠴᠠᠭᠠᠵᠠ ᠶᠢᠨ ᠦᠢᠯᠡᠴᠢᠯᠡᠭᠡ ᠶᠢ | ᠬᠦᠯᠢᠶᠡᠨ ᠠᠪᠬᠤ ᠲᠤᠰᠬᠠᠶ ᠤᠲᠠᠰᠤ ᠪᠣᠯᠣᠨ᠎ᠠ᠂ ︽ᠳᠥᠷᠪᠡᠨ ᠱᠠᠲᠤᠨ ᠤ ᠲᠠᠪᠴᠠᠩ︾ ᠭᠡᠳᠡᠭ ᠨᠢ ᠳᠠᠷᠤᠶ ᠬᠤᠲᠠ᠂ | ᠬᠤᠰᠢᠭᠤ ᠰᠢᠶᠠᠨ ᠬᠤᠲᠠ ᠲᠣᠭᠤᠷᠢᠭ ᠲᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠤᠨ ᠥᠷᠲᠡᠭᠡ ᠪᠠᠶᠢᠭᠤᠯᠵᠤ᠂ ᠨᠥᠬᠦᠴᠡᠯ ᠲᠠᠢ ᠭᠠᠴᠠᠭ᠎ᠠ ᠲᠣᠰᠬᠤᠨ ︵ᠰᠠᠭᠤᠭᠠᠯᠢ | ᠲᠣᠭᠤᠷᠢᠭ︶ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠪᠠᠶᠢᠭᠤᠯᠵᠤ᠂ | ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠨ᠂ ︽ᠳᠥᠷᠪᠡᠨ ᠱᠠᠲᠤᠨ ᠤ ᠲᠠᠪᠴᠠᠩ︾ ᠢ ᠵᠡᠷᠭᠡᠪᠡᠷ ᠠᠬᠢᠭᠤᠯᠤᠨ | ᠪᠠᠶᠢᠭᠤᠯᠬᠤ ᠶᠢ ᠪᠡᠶᠡᠯᠡᠭᠦᠯᠦᠨ᠎ᠡ᠃ ᠣᠳᠣᠬᠠᠨ ᠳᠤ ᠲᠠᠪᠴᠠᠩ ᠨᠤᠭᠤᠳ ᠢ ᠨᠢᠭᠡᠨᠲᠡ ᠪᠦᠬᠦ ᠲᠠᠯ᠎ᠠ ᠪᠠᠷ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠪᠦᠭᠡᠳ ᠲᠤᠰ ᠲᠤᠰ ᠬᠠᠤᠯᠢ ᠴᠠᠭᠠᠵᠠ ᠶᠢᠨ ᠲᠤᠰᠠᠯᠠᠮᠵᠢ᠂ | ᠬᠠᠤᠯᠢ ᠴᠠᠭᠠᠵᠠ ᠶᠢᠨ ᠵᠥᠪᠯᠡᠯᠭᠡ᠂ ᠠᠷᠠᠳ ᠤᠨ ᠡᠶᠡᠳᠡᠭᠦᠯᠦᠭᠡ ᠪᠣᠯᠤᠨ ᠶᠡᠷᠦᠩᠬᠡᠶᠢᠯᠡᠭᠰᠡᠨ ᠬᠦᠯᠢᠶᠡᠨ ᠠᠪᠬᠤ 4 | ᠴᠣᠩᠬᠤᠪᠴᠢ ᠭᠠᠷᠭᠠᠵᠤ᠂ ᠠᠮᠤᠰᠬᠢᠨ ᠬᠦᠯᠢᠶᠡᠬᠦ ᠲᠣᠭᠤᠷᠢᠭ᠂ ᠯᠠᠪᠯᠠᠭ᠎ᠠ ᠬᠦᠯᠢᠶᠡᠨ ᠠᠪᠬᠤ ᠲᠣᠭᠤᠷᠢᠭ᠂ ᠠᠯᠪᠠᠨ | ᠦᠢᠯᠡᠴᠢᠯᠡᠭᠡᠨ ᠤ ᠲᠣᠭᠤᠷᠢᠭ ᠵᠡᠷᠭᠡ ᠭᠤᠷᠪᠠᠨ ᠶᠡᠭᠡ ᠴᠢᠳᠠᠮᠵᠢ ᠶᠢᠨ ᠣᠷᠣᠨ ᠬᠤᠪᠢᠶᠠᠵᠤ᠂ ᠤᠯᠠᠨ ᠲᠦᠮᠡᠨ ᠳᠤ | ︽ᠴᠣᠩᠬᠤᠪᠴᠢᠯᠠᠭᠰᠠᠨ᠂ ᠶᠡᠷᠦᠩᠬᠡᠶᠢᠯᠡᠭᠰᠡᠨ ᠴᠢᠨᠠᠷᠲᠠᠶ᠂ ᠨᠢᠭᠡ ᠯᠡ ᠥᠷᠲᠡᠭᠡᠨ ᠤ ᠮᠠᠶ᠋ᠢᠭ︾ ᠤᠨ ᠬᠠᠣᠯᠢ | ᠴᠠᠭᠠᠵᠠ ᠶᠢᠨ ᠦᠢᠯᠡᠴᠢᠯᠡᠭᠡ ᠬᠠᠩᠭᠠᠵᠤ ᠪᠤᠢ᠃ | ᠣᠳᠣᠬᠠᠨ ᠳᠤ᠂ ᠲᠦᠩᠯᠢᠶᠣᠤ ᠬᠤᠲᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠯᠠᠨ | ᠨᠡᠶᠢᠲᠡ ᠶᠢᠨ ᠬᠠᠣᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ 118 ᠪᠠᠶᠢᠭᠤᠯᠤᠨ᠂ ᠪᠦᠷᠢᠨ | ᠪᠦᠷᠬᠦᠭᠦᠯᠬᠦ ᠶᠢ ᠪᠡᠶᠡᠯᠡᠭᠦᠯᠵᠡᠢ᠂ ᠡᠭᠦᠨ ᠳᠤ 63 ᠠᠵᠢᠯ ᠤᠨ ᠥᠷᠲᠡᠭᠡ ᠨᠢ ᠨᠡᠭᠡᠭᠡᠯᠲᠡᠲᠦ ᠮᠠᠶ᠋ᠢᠭ ᠤᠨ | ᠦᠢᠯᠡᠴᠢᠯᠡᠭᠡᠨ ᠤ ᠲᠢᠩᠬᠢᠮ ᠲᠠᠢ ᠪᠠᠶᠢᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠶᠢ | ᠤᠬᠠᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠵᠡᠷᠭᠡ ᠦᠨᠳᠦᠰᠦᠨ ᠡᠭᠦᠷᠭᠡ ᠴᠢᠳᠠᠪᠤᠷᠢ ᠶᠢᠨ | ᠶᠣᠰᠣᠭᠠᠷ ᠦᠢᠯᠡᠴᠢᠯᠡᠭᠡᠨ ᠤ ᠴᠣᠩᠬᠤᠪᠴᠢ ᠪᠠᠶᠢᠭᠤᠯᠵᠠᠢ᠃ 2288 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ ᠨᠢ ᠬᠠᠤᠯᠢ ᠶᠢᠨ | ᠶᠠᠪᠤᠳᠠᠯ ᠤᠨ ᠳᠠᠰᠤᠭ ᠲᠤ ᠲᠦᠰᠢᠭᠯᠡᠨ ᠪᠠᠶᠢᠭᠤᠯᠤᠭᠳᠠᠵᠤ᠂ ᠬᠠᠤᠯᠢ ᠴᠠᠭᠠᠵᠠ ᠶᠢᠨ ᠵᠥᠪᠯᠡᠭᠴᠢ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠪᠡ᠃ | |