ᠲᠦᠩᠯᠢᠶᠣᠤ ᠬᠤᠲᠠ ᠣᠯᠠᠨ ᠵᠦᠢᠯ ᠤᠨ ᠬᠡᠯᠪᠡᠷᠢ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2020/11/30

     ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠲᠦᠩᠯᠢᠶᠣᠤ ᠬᠤᠲᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠪᠠᠷ ᠳᠠᠭᠠᠭᠤᠯᠤᠭᠴᠢ ᠪᠣᠯᠭᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠪᠠᠶᠢᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ  ᠤᠲᠠᠰᠤ ᠶᠢ ᠰᠢᠯᠤᠭᠤᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠪᠠ᠃
     ᠲᠦᠩᠯᠢᠶᠣᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ︽ᠨᠢᠭᠡ ᠲᠤᠰᠬᠠᠶ ᠤᠲᠠᠰᠤ︾᠂

︽ᠳᠥᠷᠪᠡᠨ  ᠱᠠᠲᠤᠨ ᠤ ᠲᠠᠪᠴᠠᠩ︾᠂ ︽ᠬᠠᠤᠯᠢ ᠴᠠᠭᠠᠵᠠ ᠶᠢᠨ ᠵᠥᠪᠯᠡᠭᠴᠢ︾ ᠶᠢᠨ ᠠᠵᠢᠯ ᠤᠨ ᠬᠠᠷᠠᠯᠲᠠ᠂ ᠭᠤᠤᠯ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠲᠣᠭᠲᠠᠭᠠᠪᠠ᠃ ︽ᠨᠢᠭᠡ ᠲᠤᠰᠬᠠᠶ ᠤᠲᠠᠰᠤ︾ ᠭᠡᠳᠡᠭ ᠨᠢ ᠳᠠᠷᠤᠶ ︽12348︾ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠠᠣᠯᠢ ᠴᠠᠭᠠᠵᠠ ᠶᠢᠨ ᠦᠢᠯᠡᠴᠢᠯᠡᠭᠡ ᠶᠢ ᠬᠦᠯᠢᠶᠡᠨ ᠠᠪᠬᠤ ᠲᠤᠰᠬᠠᠶ ᠤᠲᠠᠰᠤ ᠪᠣᠯᠣᠨ᠎ᠠ᠂ ︽ᠳᠥᠷᠪᠡᠨ ᠱᠠᠲᠤᠨ ᠤ ᠲᠠᠪᠴᠠᠩ︾ ᠭᠡᠳᠡᠭ ᠨᠢ ᠳᠠᠷᠤᠶ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠲᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠪᠠᠶᠢᠭᠤᠯᠵᠤ᠂ ᠨᠥᠬᠦᠴᠡᠯ ᠲᠠᠢ ᠭᠠᠴᠠᠭ᠎ᠠ ᠲᠣᠰᠬᠤᠨ ︵ᠰᠠᠭᠤᠭᠠᠯᠢ ᠲᠣᠭᠤᠷᠢᠭ︶ ᠳᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠪᠠᠶᠢᠭᠤᠯᠵᠤ᠂ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠨ᠂ ︽ᠳᠥᠷᠪᠡᠨ ᠱᠠᠲᠤᠨ ᠤ ᠲᠠᠪᠴᠠᠩ︾ ᠢ ᠵᠡᠷᠭᠡᠪᠡᠷ ᠠᠬᠢᠭᠤᠯᠤᠨ ᠪᠠᠶᠢᠭᠤᠯᠬᠤ ᠶᠢ ᠪᠡᠶᠡᠯᠡᠭᠦᠯᠦᠨ᠎ᠡ᠃ ᠣᠳᠣᠬᠠᠨ ᠳᠤ ᠲᠠᠪᠴᠠᠩ ᠨᠤᠭᠤᠳ ᠢ ᠨᠢᠭᠡᠨᠲᠡ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠪᠦᠭᠡᠳ ᠲᠤᠰ ᠲᠤᠰ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ ᠵᠥᠪᠯᠡᠯᠭᠡ᠂ ᠠᠷᠠᠳ ᠤᠨ ᠡᠶᠡᠳᠡᠭᠦᠯᠦᠭᠡ ᠪᠣᠯᠤᠨ ᠶᠡᠷᠦᠩᠬᠡᠶᠢᠯᠡᠭᠰᠡᠨ ᠬᠦᠯᠢᠶᠡᠨ ᠠᠪᠬᠤ 4 ᠴᠣᠩᠬᠤᠪᠴᠢ ᠭᠠᠷᠭᠠᠵᠤ᠂ ᠠᠮᠤᠰᠬᠢᠨ ᠬᠦᠯᠢᠶᠡᠬᠦ ᠲᠣᠭᠤᠷᠢᠭ᠂ ᠯᠠᠪᠯᠠᠭ᠎ᠠ ᠬᠦᠯᠢᠶᠡᠨ ᠠᠪᠬᠤ ᠲᠣᠭᠤᠷᠢᠭ᠂ ᠠᠯᠪᠠᠨ ᠦᠢᠯᠡᠴᠢᠯᠡᠭᠡᠨ ᠤ ᠲᠣᠭᠤᠷᠢᠭ ᠵᠡᠷᠭᠡ ᠭᠤᠷᠪᠠᠨ ᠶᠡᠭᠡ ᠴᠢᠳᠠᠮᠵᠢ ᠶᠢᠨ ᠣᠷᠣᠨ ᠬᠤᠪᠢᠶᠠᠵᠤ᠂ ᠤᠯᠠᠨ ᠲᠦᠮᠡᠨ ᠳᠤ

︽ᠴᠣᠩᠬᠤᠪᠴᠢᠯᠠᠭᠰᠠᠨ᠂ ᠶᠡᠷᠦᠩᠬᠡᠶᠢᠯᠡᠭᠰᠡᠨ ᠴᠢᠨᠠᠷᠲᠠᠶ᠂ ᠨᠢᠭᠡ ᠯᠡ ᠥᠷᠲᠡᠭᠡᠨ ᠤ ᠮᠠᠶ᠋ᠢᠭ︾ ᠤᠨ ᠬᠠᠣᠯᠢ ᠴᠠᠭᠠᠵᠠ ᠶᠢᠨ ᠦᠢᠯᠡᠴᠢᠯᠡᠭᠡ ᠬᠠᠩᠭᠠᠵᠤ ᠪᠤᠢ᠃
     ᠣᠳᠣᠬᠠᠨ ᠳᠤ᠂ ᠲᠦᠩᠯᠢᠶᠣᠤ ᠬᠤᠲᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠯᠠᠨ ᠨᠡᠶᠢᠲᠡ ᠶᠢᠨ ᠬᠠᠣᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ 118 ᠪᠠᠶᠢᠭᠤᠯᠤᠨ᠂ ᠪᠦᠷᠢᠨ ᠪᠦᠷᠬᠦᠭᠦᠯᠬᠦ ᠶᠢ ᠪᠡᠶᠡᠯᠡᠭᠦᠯᠵᠡᠢ᠂ ᠡᠭᠦᠨ ᠳᠤ 63 ᠠᠵᠢᠯ ᠤᠨ ᠥᠷᠲᠡᠭᠡ ᠨᠢ ᠨᠡᠭᠡᠭᠡᠯᠲᠡᠲᠦ ᠮᠠᠶ᠋ᠢᠭ ᠤᠨ ᠦᠢᠯᠡᠴᠢᠯᠡᠭᠡᠨ ᠤ ᠲᠢᠩᠬᠢᠮ ᠲᠠᠢ ᠪᠠᠶᠢᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠶᠢ ᠤᠬᠠᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠵᠡᠷᠭᠡ ᠦᠨᠳᠦᠰᠦᠨ ᠡᠭᠦᠷᠭᠡ ᠴᠢᠳᠠᠪᠤᠷᠢ ᠶᠢᠨ ᠶᠣᠰᠣᠭᠠᠷ ᠦᠢᠯᠡᠴᠢᠯᠡᠭᠡᠨ ᠤ ᠴᠣᠩᠬᠤᠪᠴᠢ ᠪᠠᠶᠢᠭᠤᠯᠵᠠᠢ᠃ 2288 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ ᠨᠢ ᠬᠠᠤᠯᠢ ᠶᠢᠨ ᠶᠠᠪᠤᠳᠠᠯ ᠤᠨ ᠳᠠᠰᠤᠭ ᠲᠤ ᠲᠦᠰᠢᠭᠯᠡᠨ ᠪᠠᠶᠢᠭᠤᠯᠤᠭᠳᠠᠵᠤ᠂ ᠬᠠᠤᠯᠢ ᠴᠠᠭᠠᠵᠠ ᠶᠢᠨ ᠵᠥᠪᠯᠡᠭᠴᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ