11 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠲᠤᠭ᠎ᠠ | ᠪᠦᠷᠢᠳᠬᠡᠯ ᠤᠨ ᠠᠵᠢᠯ᠂ ᠮᠥᠩᠭᠦᠨ ᠭᠦᠢᠯᠭᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠠᠮᠢ ᠠᠬᠤᠶ ᠣᠷᠴᠢᠨ ᠳᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢᠨ ᠬᠡᠷᠡᠭᠵᠢᠭᠦᠯᠬᠦ ᠲᠥᠰᠦᠯ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠥᠪ ᠠᠵᠢᠯ ᠤᠨ ᠪᠦᠲᠦᠮᠵᠢ ᠶᠢᠨ ᠦᠵᠡᠯᠲᠡ ᠪᠣᠯᠤᠨ ᠬᠥᠭᠵᠢᠯᠲᠡ ᠶᠢᠨ ᠦᠵᠡᠯᠲᠡ ᠶᠢ | ᠪᠠᠲᠤ ᠪᠣᠶ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠥ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠷᠡᠰ ᠬᠠᠮᠠᠭᠠᠯᠠᠵᠤ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠬᠠᠤᠯᠢ ᠶᠣᠰᠣᠭᠠᠷ ᠲᠤᠭ᠎ᠠ ᠪᠦᠷᠢᠳᠬᠡᠯ | ᠬᠢᠵᠦ ᠬᠠᠤᠯᠢ ᠶᠣᠰᠣᠭᠠᠷ ᠳᠤᠭ᠎ᠠ ᠪᠦᠷᠢᠳᠬᠡᠯ ᠤᠨ ᠠᠵᠢᠯ ᠢ ᠵᠠᠰᠠᠬᠤ ᠶᠢ ᠪᠠᠷᠢᠮᠲᠠᠯᠠᠵᠤ᠂ ︽ᠤᠭᠳᠤ ᠠᠭᠤᠴᠢᠯᠠᠬᠤ ᠦᠭᠡᠶ︾ ᠣᠪᠣᠷ ᠢᠶᠠᠷ ᠲᠤᠭ᠎ᠠ ᠪᠦᠷᠢᠳᠬᠡᠯ ᠢ | ᠬᠠᠭᠤᠷᠮᠠᠭᠯᠠᠨ ᠵᠤᠬᠢᠶᠠᠬᠤ᠂ ᠬᠤᠳᠠᠯ ᠬᠡᠯᠡᠵᠥ ᠬᠤᠯᠤ ᠲᠠᠷᠢᠬᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ | ᠬᠢᠨᠠᠨ ᠡᠵᠡᠮᠳᠡᠬᠦ ᠵᠡᠷᠭᠡ ᠴᠢᠬᠤᠯᠠ ᠠᠵᠢᠯ ᠢ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠳᠡᠢ᠃ ᠤᠯᠤᠰ ᠤᠨ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠳᠤ ᠵᠢᠭᠠᠵᠤ | ᠭᠠᠷᠭᠠᠭᠰᠠᠨ ᠠᠰᠠᠭᠤᠳᠠᠯ ᠳᠤ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ | ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠮᠥᠩᠭᠦᠨ ᠭᠦᠢᠯᠭᠡᠭᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠪᠣᠯᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠭᠤᠤᠯ ᠰᠢᠵᠢᠮ ᠲᠠᠢ ᠨᠢᠭᠳᠠ ᠤᠶᠠᠯᠳᠤᠭᠤᠯᠤᠨ᠂ ᠨᠡᠩ ᠤᠯᠠᠨ ᠮᠥᠩᠭᠦᠨ | ᠭᠦᠢᠯᠭᠡᠭᠡᠨ ᠤ ᠡᠬᠢ ᠪᠠᠶᠠᠯᠢᠭ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠶ ᠭᠤᠭᠴᠤᠭ᠎ᠠ ᠳᠤ ᠲᠣᠬᠢᠷᠠᠭᠤᠯᠬᠤ | ᠬᠡᠷᠡᠭᠳᠠᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠵᠣᠬᠢᠴᠠᠭᠤᠯᠭ᠎ᠠ ᠪᠠᠨ ᠴᠢᠩᠭᠠᠳᠬᠠᠵᠤ᠂ ᠵᠦᠢ ᠪᠤᠰᠤ ᠵᠢᠭᠡᠯᠡᠯᠭᠡ ᠶᠢ ᠠᠷᠢᠯᠭᠠᠨ᠂ ᠵᠠᠮᠪᠠᠷᠠᠭ᠎ᠠ ᠦᠭᠡᠢ ᠪᠠᠶᠢᠳᠠᠯ ᠢ ᠵᠠᠰᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠤᠷᠳᠤ | ᠬᠤᠭᠤᠴᠠᠭ᠎ᠠ ᠪᠠᠷ ᠲᠡᠩᠴᠡᠭᠦᠷᠢᠳᠠᠢ ᠪᠠᠶᠢᠯᠭᠠᠬᠤ ᠶᠢ ᠪᠡᠶᠡᠯᠡᠭᠦᠯᠬᠦ ᠬᠡᠷᠡᠭᠳᠠᠢ᠃ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠬᠠᠤᠯᠢᠵᠢᠯ ᠤᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠳᠠᠯᠠᠵᠤ᠂ ᠦᠬᠠᠢ ᠵᠢᠴᠢ ᠡᠷᠭᠢᠨ ᠲᠣᠭᠤᠷᠢᠨ ᠤ | ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠬᠡᠯᠪᠡᠷᠢ᠂ | ᠬᠥᠭᠵᠢᠯᠲᠡ ᠶᠢᠨ ᠬᠠᠷᠠᠯᠲᠠ ᠶᠢᠨ ᠪᠦᠬᠦ ᠲᠠᠯ᠎ᠠ ᠶᠢᠨ ᠬᠤᠪᠢᠰᠤᠯᠲᠠ ᠶᠢ ᠠᠬᠢᠭᠤᠯᠵᠤ᠂ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ᠂ ᠬᠤᠲᠠ ᠶᠢᠨ | ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠪᠠ ᠠᠭᠠᠷ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠤᠨ ᠠᠰᠠᠭᠤᠳᠠᠯ ᠢ ᠨᠢᠭᠡ | ᠴᠣᠭᠴᠠᠵᠢᠭᠤᠯᠤᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠥᠩᠭᠡ ᠦᠨᠳᠦᠰᠦ ᠶᠢ ᠨᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠣᠷᠣᠨ | ᠪᠦᠰᠡ ᠶᠢᠨ ᠠᠮᠢ ᠠᠬᠤᠶ ᠤᠷᠴᠢᠨ ᠲᠤᠭᠤᠷᠢᠨ ᠤ ᠶᠠᠰᠤ ᠴᠢᠨᠠᠷ ᠥᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠠᠢ᠃ ᠡᠯ᠎ᠡ ᠬᠠᠮᠢᠶ᠎ᠠ ᠪᠦᠬᠦᠢ ᠭᠠᠵᠠᠷ ᠣᠷᠣᠨ | ᠪᠣᠯᠤᠨ ᠰᠠᠯᠠᠭ᠎ᠠ ᠮᠥᠴᠢᠷ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠳᠤ ᠪᠤᠢ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ | ᠪᠤᠳᠠᠳᠠᠢ ᠳᠤ ᠨᠠᠶᠢᠳᠠᠪᠤᠷᠢᠵᠢᠭᠤᠯᠤᠨ᠂ ᠵᠠᠰᠠᠯᠳᠠ ᠶᠢᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠳᠡᠮᠵᠢᠯᠭᠡ ᠪᠠᠲᠤᠯᠠᠭ᠎ᠠ ᠪᠠᠨ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠠᠢ | ᠭᠡᠵᠤ ᠴᠢᠬᠤᠯᠠᠴᠢᠯᠠᠵᠠᠢ᠃ | ᠬᠤᠷᠠᠯ ᠠᠴᠠ ︽ᠨᠡᠭᠦᠷᠡᠰᠦᠨ ᠠᠭᠤᠷᠬᠠᠶ ᠶᠢᠨ ᠡᠷᠬᠡ ᠶᠢ ᠥᠷᠢᠰᠥᠯᠳᠦᠬᠦ ᠴᠢᠨᠠᠷᠲᠠᠶ ᠪᠠᠷ ᠰᠢᠯᠵᠢᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠬᠢᠨᠠᠨ ᠵᠥᠪᠯᠡᠵᠦ | ᠪᠠᠲᠤᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |