ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠵᠦᠩ ᠰᠢᠨ ᠪᠦᠯᠦᠭᠯᠡᠯ ᠪᠡᠭᠡᠵᠢᠩ ᠳᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠤᠷᠤ ᠲᠦᠯᠥᠪ ᠤᠨ ᠵᠦᠪᠯᠡᠯᠴᠡᠭᠡᠷ ᠲᠤᠭᠳᠠᠪᠠ        ᠪᠦ᠋ ᠰᠢᠶᠤᠤ ᠯᠢᠨ  ᠵᠦ ᠾᠧ ᠰᠢᠨ  ᠰᠢ ᠬᠦᠸᠧ ᠬᠤᠸᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2020/11/4
     11 ᠰᠠᠷ᠎ᠠ ᠶᠢᠨ 3᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠵᠦᠩ ᠰᠢᠨ ᠪᠦᠯᠦᠭᠯᠡᠯ ᠪᠡᠭᠡᠵᠢᠩ ᠳᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠤᠷᠤ ᠲᠦᠯᠥᠪ ᠤᠨ ᠵᠦᠪᠯᠡᠯᠴᠡᠭᠡᠷ ᠲᠤᠭᠳᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠤᠯᠤᠨ ᠵᠦᠩ ᠰᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠭᠡᠷᠡᠭ ᠮᠡᠳᠡᠭᠴᠢᠳ ᠤᠨ ᠳᠠᠷᠤᠭ᠎ᠠ ᠵᠦ ᠾᠧ ᠰᠢᠨ᠂ ᠵᠦᠩ ᠰᠢᠨ ᠪᠦᠯᠦᠭᠯᠡᠯ ᠤᠨ ᠳᠡᠳ᠋ ᠭᠡᠷᠡᠭ ᠮᠡᠳᠡᠭᠴᠢᠳ ᠤᠨ ᠳᠠᠷᠤᠭ᠎ᠠ᠂ ᠶᠡᠷᠦᠩᠭᠡᠢ ᠳᠠᠭᠠᠭᠠᠮᠠᠯ ᠰᠢ ᠬᠦᠸᠧ ᠬᠤᠸᠠ ᠦᠪᠡᠷᠲᠡᠭᠡᠨ ᠵᠠᠰᠠᠬᠤ ᠤᠷᠤᠨ ᠪᠠ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠴᠢᠨᠠᠬᠰᠢᠳᠠ ᠴᠢᠩᠭᠠᠳᠬᠠᠬᠤ᠂ ᠮᠦᠩᠬᠦᠨ ᠬᠦᠢᠯᠭᠡᠭᠡ ᠪᠠ ᠪᠤᠳᠠᠳᠤ ᠴᠤᠬᠴᠠ ᠶᠢᠨ ᠠᠵᠤ ᠠᠬᠤᠢ ᠶᠢᠨ ᠬᠦᠨᠵᠡᠭᠡᠢ ᠠᠭᠤᠰᠤᠯᠴᠠᠯ ᠢ ᠠᠬᠢᠭᠤᠯᠬᠤ ᠲᠤᠬᠠᠢ ᠭᠡᠯᠡᠯᠴᠡᠭᠡ ᠬᠢᠵᠦ᠂ ᠭᠠᠷ ᠤᠨ ᠦᠰᠦᠭ ᠵᠢᠷᠤᠬᠤ ᠶᠢ ᠬᠠᠮᠳᠤ ᠪᠠᠷ ᠭᠡᠷᠡᠴᠢᠯᠡᠵᠡᠢ᠃
     ᠪᠦ᠋ ᠰᠢᠶᠤᠤ ᠯᠢᠨ᠂ ᠤᠳᠤᠬᠠᠨ ᠳᠤ ᠥᠪᠦᠷ ᠮᠤᠩᠭᠤᠯ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠤᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ ᠪᠤᠢ᠃ ᠤᠯᠠᠨ ᠵᠢᠯ ᠤᠨ ᠲᠤᠷᠰᠢ᠂ ᠥᠪᠦᠷ ᠮᠤᠩᠭᠤᠯ ᠪᠤᠯᠤᠨ ᠵᠦᠩ ᠰᠢᠨ ᠪᠦᠯᠦᠭᠯᠡᠯ ᠰᠠᠶᠢᠨ ᠰᠠᠶᠢᠬᠠᠨ ᠬᠠᠮᠳᠤᠷᠠᠯᠴᠠᠭᠠᠨ ᠤ ᠬᠠᠷᠢᠴᠠᠭ᠎ᠠ ᠪᠠᠨ ᠪᠠᠳᠤᠯᠠᠵᠦ᠂ ᠪᠠᠳᠤ ᠪᠠᠬᠢ ᠬᠠᠮᠳᠤᠷᠠᠯᠴᠠᠭᠠᠨ ᠤ ᠰᠠᠭᠤᠷᠢ ᠲᠠᠢ ᠪᠤᠯᠵᠠᠢ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠳᠠᠬᠢ ᠬᠠᠮᠳᠤᠷᠠᠯᠴᠠᠭ᠎ᠠ ᠶᠢ ᠴᠢᠨᠠᠬᠰᠢᠳᠠ ᠦᠷᠭᠡᠳᠭᠡᠵᠦ᠂ ︽ᠠᠷᠪᠡᠨ ᠲᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠰᠢᠨ᠎ᠠ ᠪᠠᠶᠢᠳᠠᠯ ᠢ ᠡᠬᠦᠳᠬᠦ ᠶᠢ ᠬᠦᠰᠡᠵᠦ ᠪᠠᠶᠢᠨ᠎ᠠ ᠭᠡᠪᠡ᠃
     ᠵᠦ ᠾᠧ ᠰᠢᠨ᠂ ᠵᠦᠩ ᠰᠢᠨ ᠪᠦᠯᠦᠭᠯᠡᠯ ᠤᠨ ᠬᠢᠨ ᠲᠤᠰ ᠤᠳᠠᠭᠠᠨ ᠤ ᠵᠦᠪᠯᠡᠯᠴᠡᠭᠡᠷ ᠲᠤᠭᠳᠠᠭᠠᠬᠤ ᠪᠠᠷ ᠠᠵᠠ ᠲᠤᠬᠢᠶᠠᠯ ᠪᠤᠯᠭᠠᠵᠦ᠂ ᠠᠵᠤ ᠦᠢᠯᠡᠰ ᠮᠦᠩᠬᠦᠨ ᠬᠦᠢᠯᠭᠡᠭᠡ ᠶᠢ ᠵᠡᠷᠭᠡ ᠪᠠᠷ ᠴᠢᠬᠤᠯᠠᠴᠢᠯᠠᠬᠤ ᠲᠠᠪᠠᠭᠤᠯᠢᠭ ᠪᠠ ᠡᠵᠡᠩᠨᠡᠯᠳᠠ ᠶᠢᠨ ᠤᠨᠴᠠᠯᠢᠭ ᠢᠶᠠᠨ ᠬᠦᠢᠴᠡᠳ ᠪᠠᠳᠠᠷᠠᠭᠤᠯᠵᠦ᠂ ᠥᠪᠦᠷ ᠮᠤᠩᠭᠤᠯ ᠤᠨ ︽ᠠᠷᠪᠡᠨ ᠲᠦᠷᠪᠡᠳᠦᠭᠡᠷ ᠲᠠᠪᠤᠨ ᠵᠢᠯ︾᠎ ᠤᠨ ᠲᠦᠯᠦᠪᠵᠢᠬᠦᠯᠭᠡ ᠲᠠᠢ ᠤᠶᠠᠯᠳᠤᠭᠤᠯᠤᠨ᠂ ᠪᠤᠳᠠᠳᠤ ᠴᠤᠬᠴᠠ ᠶᠢᠨ ᠠᠵᠤ ᠠᠬᠤᠢ ᠳᠤ ᠦᠢᠯᠡᠴᠢᠯᠡᠬᠦ᠂ ᠮᠦᠩᠬᠦᠨ ᠬᠦᠢᠯᠭᠡᠭᠡᠨ ᠤ ᠠᠶᠦᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ᠂ ᠮᠦᠩᠬᠦᠨ ᠬᠦᠢᠯᠭᠡᠭᠡᠨ ᠎ ᠤ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠵᠡᠷᠭᠡ ᠲᠠᠯ᠎ᠠ ᠪᠠᠷ ᠦᠷᠬᠦᠯᠵᠢᠯᠡᠨ ᠬᠦᠴᠦᠯᠡᠵᠦ᠂ ᠥᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠦ ᠨᠡᠮᠡᠷᠢᠯᠡᠨ᠎ᠠ ᠭᠡᠵᠦ ᠢᠯᠡᠳᠭᠡᠵᠡᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠬᠤᠸᠠᠩ ᡁᠢ ᠴᠢᠶᠠᠩ᠂ ᠵᠦᠩ ᠰᠢᠨ ᠪᠦᠯᠦᠭᠯᠡᠯ ᠤᠨ ᠳᠡᠳ᠋ ᠶᠡᠷᠦᠩᠭᠡᠢ ᠳᠠᠭᠠᠭᠠᠮᠠᠯ ᠯᠢ ᠴᠢᠩ ᠫᠢᠩ ᠲᠤᠰ ᠲᠤᠰ ᠬᠤᠶᠠᠷ ᠲᠠᠯ᠎ᠠ ᠶᠢ ᠲᠦᠯᠦᠭᠡᠯᠡᠨ ᠵᠦᠪᠯᠡᠯᠴᠡᠭᠡᠷ ᠲᠤ ᠭᠠᠷ ᠎ ᠤᠨ ᠦᠰᠦᠭ ᠵᠢᠷᠤᠵᠠᠢ᠃ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠵᠠᠢ᠃ ᠵᠦᠪᠯᠡᠯᠴᠡᠭᠡᠷ ᠢ ᠦᠨᠳᠦᠰᠦᠯᠡᠵᠦ᠂ ᠬᠤᠶᠠᠷ ᠲᠠᠯ᠎ᠠ ᠪᠠᠷ ᠢᠶᠠᠨ ᠶᠡᠷᠦᠩᠭᠡᠶᠢᠯᠡᠭᠰᠡᠨ ᠮᠦᠩᠬᠦᠨ ᠬᠦᠢᠯᠭᠡᠭᠡᠨ ᠤ ᠦᠢᠯᠡᠴᠢᠯᠡᠭᠡ᠂ ᠰᠠᠭᠤᠷᠢ ᠲᠦᠬᠦᠭᠡᠷᠤᠮᠵᠢ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠦᠷ ᠮᠤᠩᠭᠤᠯ ᠎ ᠢ ᠮᠠᠨᠳᠤᠭᠤᠯᠬᠤ︾ ᠵᠡᠷᠭᠡ ᠬᠦᠷᠢᠶᠡᠨ ᠳᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠦᠷᠨᠢᠬᠦᠯᠦᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号