ᠪᠦᠬᠦ ᠤᠷᠤᠨ ᠤ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠬᠤ ᠵᠢᠴᠢ ᠴᠢᠬᠤᠯᠡ ᠶᠡᠭᠡ ᠲᠦᠷᠤᠯ ᠵᠦᠢᠯ ᠎ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ  ᠵᠠᠩ ᠱᠤᠤ ᠴᠦᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/11/4
     11 ᠰᠠᠷ᠎ᠠ ᠶᠢᠨ 2᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠦᠬᠦ ᠤᠷᠤᠨ ᠤ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠬᠤ ᠵᠢᠴᠢ ᠴᠢᠬᠤᠯᠡ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ 1 — 10 ᠰᠠᠷ᠎ᠠ ᠬᠦᠷᠳᠡᠯᠡᠬᠢ ᠪᠦᠬᠦ ᠤᠷᠤᠨ ᠤ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ ᠪᠡᠶᠡᠯᠡᠬᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠤ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠦᠴᠢᠷ ᠤᠨ ︽ᠠᠷᠪᠠᠨ ᠲᠦᠷᠪᠡᠳᠤᠭᠡᠷ ᠲᠠᠪᠤᠨ ᠵᠢᠯ︾ ᠎ ᠤᠨ ᠲᠦᠯᠤᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠴᠢᠬᠤᠯᠡ ᠶᠡᠭᠡ ᠲᠦᠷᠤᠯ ᠵᠦᠢᠯ ᠤᠨ ᠨᠦᠬᠡᠴᠠ ᠠᠵᠢᠯ ᠢ ᠰᠠᠶᠢᠳᠤᠷ ᠬᠢᠬᠦ ᠶᠢ ᠠᠬᠢᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃      ᠵᠠᠩ ᠱᠤᠤ ᠴᠦᠨ᠂ ᠲᠡᠭᠡᠷ᠎ᠠ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠠᠴᠠ ᠨᠠᠭᠠᠰᠢ᠂ ᠡᠯ᠎ᠠ ᠭᠠᠵᠠᠷ ᠤᠷᠤᠨ ᠤ ᠪᠡᠯᠡ ᠤᠷᠤᠭᠤᠯᠤᠯᠳᠠ ᠶᠢ ᠲᠤᠭᠳᠠᠪᠤᠷᠢᠵᠢᠭᠤᠯᠬᠤ ᠵᠢᠴᠢ ᠴᠢᠬᠤᠯᠡ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ ᠠᠵᠢᠯ ᠤᠨ ᠠᠬᠢᠴᠠ ᠢᠯᠡᠳᠳᠡ ᠲᠦᠷᠭᠡᠳᠴᠤ᠂ ᠲᠦᠷᠦᠬᠦᠦ ᠭᠤᠷᠪᠠᠨ ᠤᠯᠠᠷᠢᠯ ᠤᠨ ᠪᠦᠬᠦ ᠤᠷᠤᠨ ᠤ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢᠨ ᠪᠠᠭᠤᠷᠠᠯᠳᠠ ᠲᠡᠭᠡᠷ᠎ᠠ ᠬᠠᠭᠠᠰ ᠵᠢᠯ ᠎ ᠤᠨ ᠬᠢ ᠠᠴᠠ ᠵᠠᠭᠤᠨ ᠤ ᠬᠠᠷᠢᠴᠠᠯ ᠢᠶᠠᠷ 14.6 ᠬᠤᠪᠢ ᠪᠠᠭᠠᠰᠤᠬᠰᠠᠨ ᠪᠠᠶᠢᠨ᠎ᠠ᠃ ᠬᠡᠪᠡᠴᠤ ᠪᠠᠰᠠ ᠰᠢᠨ᠎ᠠ ᠪᠠᠷ ᠡᠬᠢᠯᠡᠬᠦᠯᠦᠭᠰᠡᠨ ᠪᠠᠷᠢᠯᠭ᠎ᠠ ᠶᠢᠨ ᠲᠦᠷᠤᠯ ᠵᠦᠢᠯ ᠤᠨ ᠲᠤᠭ᠎ᠠ ᠨᠡᠯᠢᠶᠡᠳ ᠪᠠᠭ᠎ᠠ᠂ ᠪᠡᠯᠡ ᠤᠷᠤᠭᠤᠯᠤᠯᠳᠠ ᠶᠢᠨ ᠪᠡᠶᠡᠯᠡᠭᠳᠡᠯ ᠬᠦᠷᠤᠯᠴᠡᠬᠦ ᠦᠬᠡᠢ᠂ ᠪᠡᠯᠡ ᠤᠷᠤᠭᠤᠯᠤᠯᠳᠠ ᠶᠢᠨ ᠨᠡᠮᠡᠭᠳᠡᠯ ᠲᠤᠭᠳᠠᠭᠤᠨ ᠪᠤᠰᠤ ᠪᠠᠶᠢᠳᠠᠯ ᠤᠷᠤᠰᠢᠵᠤ ᠪᠠᠶᠢᠨ᠎ᠠ᠃ ᠡᠯ᠎ᠠ ᠠᠶᠢᠮᠠᠬ ᠬᠤᠳᠠ ᠶᠢᠨ ᠬᠢᠨ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠤᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠶᠠᠪᠤᠴᠠ ᠳᠤ ᠴᠢᠬᠤᠯᠡ ᠶᠡᠭᠡ ᠲᠦᠷᠤᠯ ᠵᠦᠢᠯ ᠤᠨ ᠲᠤᠯᠭᠠᠭᠤᠷᠢᠯᠠᠯ ᠤᠨ ᠬᠦᠴᠤᠨ ᠬᠦᠷᠤᠯᠴᠡᠬᠦ ᠦᠬᠡᠢ᠂ ᠭᠡᠰᠡᠭ ᠲᠦᠷᠤᠯ ᠵᠦᠢᠯ ᠤᠨ ᠨᠠᠶᠢᠳᠠᠪᠤᠷᠢᠵᠢᠭᠤᠯᠤᠯᠳᠠ ᠠᠨᠠᠢ ᠵᠡᠷᠬᠡ ᠠᠰᠠᠭᠤᠳᠠᠯ ᠨᠡᠶᠢᠳᠡᠮ ᠤᠷᠤᠰᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭ᠎ᠠ ᠪᠠᠷᠢᠮᠳᠠᠯᠠᠵᠤ᠂ ᠠᠵᠢᠯ ᠤᠨ ᠠᠷᠭ᠎ᠠ ᠬᠡᠮᠵᠢᠶ᠎ᠠ ᠪᠠᠨ ᠲᠡᠬᠦᠯᠳᠡᠷᠵᠢᠬᠦᠯᠤᠨ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠬᠤᠭᠤᠴᠠᠭᠠᠨ ᠤ ᠴᠢᠬᠤᠯᠠ ᠶᠡᠭᠡ ᠲᠦᠷᠤᠯ ᠵᠦᠢᠯ ᠢ ᠰᠦᠪᠡᠭᠴᠢᠯᠡᠨ ᠨᠦᠬᠡᠴᠡᠯᠡᠬᠦ ᠠᠵᠢᠯ ᠢ ᠰᠠᠶᠢᠳᠤᠷ ᠬᠢᠬᠦ ᠴᠢᠬᠤᠯᠠᠳᠠᠢ ᠪᠠᠶᠢᠨ᠎ᠠ ᠬᠡᠵᠤ ᠵᠢᠭᠠᠵᠤ ᠭᠠᠷᠭᠠᠪᠠ᠃      ᠵᠠᠩ ᠱᠤᠤ ᠴᠦᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠠ ᠶᠢᠨ ᠰᠡᠳᠬᠢᠴᠠ ᠪᠠᠨ ᠴᠢᠨᠠᠬᠰᠢᠳᠠ ᠲᠡᠬᠦᠯᠳᠡᠷᠵᠢᠬᠦᠯᠵᠤ᠂ ᠠᠵᠢᠯ ᠤᠨ ᠠᠷᠭ᠎ᠠ ᠬᠡᠮᠵᠢᠶ᠎ᠠ ᠪᠠᠨ ᠲᠠᠬᠦᠯᠳᠡᠷᠵᠢᠬᠦᠯᠬᠦ ᠭᠡᠷᠡᠭᠳᠠᠢ᠃ ᠤᠳᠤᠷᠢᠳᠤᠯᠭ᠎ᠠ ᠴᠢᠬᠤᠯᠡ ᠶᠡᠭᠡ ᠲᠦᠷᠤᠯ ᠵᠦᠢᠯ ᠎ ᠢ ᠲᠠᠭᠠᠭᠠᠴᠢᠯᠠᠨ ᠬᠤᠯᠪᠤᠭᠠᠯᠠᠬᠤ ᠲᠦᠷᠢᠮ ᠢ ᠦᠷᠬᠦᠯᠵᠢᠯᠠᠨ ᠭᠡᠷᠡᠭᠵᠢᠬᠦᠯᠵᠤ᠂ ᠠᠵᠢᠯ ᠤᠨ ᠲᠤᠰᠬᠠᠢ ᠪᠠᠬ ᠤᠨ ᠤᠢᠢᠯᠡᠳᠤᠯ ᠢ ᠢᠳᠡᠪᠬᠢᠳᠠᠢ ᠪᠠᠳᠠᠷᠠᠭᠤᠯᠤᠨ᠂ ᠨᠦᠬᠦᠴᠠᠯ ᠪᠦᠷᠢᠯᠳᠤᠬᠦᠯᠵᠤ ᠪᠠᠶᠢᠭᠠᠳ ᠲᠦᠷᠤᠯ ᠵᠦᠢᠯ ᠢ ᠡᠬᠢᠯᠡᠬᠦᠯᠵᠤ ᠤᠢᠢᠯᠡᠳᠪᠤᠷᠢᠯᠡᠯ ᠢᠶᠠᠨ ᠰᠡᠷᠬᠦᠬᠡᠬᠦ ᠠᠬᠢᠴᠠ ᠶᠢ ᠲᠦᠷᠬᠡᠳᠬᠡᠬᠦ ᠭᠡᠷᠡᠭᠳᠠᠢ︔ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠳᠤ ᠠᠩᠬᠠᠷᠤᠯ ᠢᠶᠠᠨ ᠲᠦᠪᠯᠡᠷᠡᠬᠦᠯᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠲᠡᠭᠡᠷ᠎ᠠ ᠱᠠᠳᠤ ᠲᠠᠢ ᠵᠤᠯᠭᠠᠭᠤᠯᠵᠤ ᠲᠦᠷᠤᠯ ᠵᠦᠢᠯ ᠭᠤᠶᠤᠴᠢᠯᠠᠨ ᠤᠯᠬᠤ ᠪᠠᠷ ᠴᠢᠷᠮᠠᠶᠢᠬᠤ ᠪᠠ ᠪᠡᠯᠡ ᠮᠦᠩᠬᠦ ᠶᠢᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠵᠤ᠂ ᠴᠢᠬᠤᠯᠠ ᠶᠡᠭᠡ ᠲᠦᠷᠤᠯ ᠵᠦᠢᠯ ᠤᠨ ᠲᠠᠶᠢᠴᠢᠯᠠᠬᠤ ᠪᠠ ᠲᠤᠯᠭᠠᠭᠤᠷᠢᠯᠠᠬᠤ ᠤᠢᠢᠯᠡᠳᠤᠯ ᠢ ᠪᠠᠳᠠᠷᠠᠭᠤᠯᠵᠤ᠂ ᠴᠢᠬᠤᠯᠡ ᠶᠡᠭᠡ ᠲᠦᠷᠤᠯ ᠵᠦᠢᠯ ᠢ ᠬᠠᠶᠢᠨ ᠨᠦᠬᠡᠴᠡᠯᠡᠬᠦ ᠠᠵᠢᠯ ᠢ ᠰᠠᠶᠢᠳᠤᠷ ᠬᠢᠵᠤ᠂ ︽ᠠᠷᠪᠠᠨ ᠲᠦᠷᠪᠡᠳᠤᠭᠡᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠬᠤᠭᠤᠴᠠᠭ᠎ᠠ ᠶᠢ ᠰᠠᠶᠢᠳᠤᠷ ᠡᠬᠢᠯᠡᠬᠦᠯᠬᠦ ᠶᠢ ᠪᠠᠳᠤᠯᠠᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠵᠠᠰᠠᠬ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠠ ᠵᠠᠰᠠᠬ ᠤᠨ ᠤᠷᠳᠤᠨ ᠤ ᠵᠢᠬᠡᠯᠡᠯᠬᠡ ᠶᠢᠨ ᠲᠡᠮᠳᠡᠭᠳᠤ ᠶᠢᠨ ᠵᠠᠷᠤᠯᠭ᠎ᠠ ᠶᠢᠨ ᠠᠵᠢᠯ ᠢ ᠲᠦᠷᠬᠡᠳᠬᠡᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号