ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠤᠴᠢᠷ ᠤᠨ ᠲᠤᠬᠠᠶ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/11/4
               ᠥᠪᠥᠷ ᠵᠠᠰᠠᠭ ᠠᠯᠪᠠᠨ ᠲᠠᠷᠬᠠᠭᠠᠭᠰᠠᠨ ﹇2020﹈ 31 ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠲᠠᠰᠤᠷᠠᠯᠲᠠ ᠦᠭᠡᠢ ᠵᠢᠷᠤᠮᠵᠢᠭᠤᠯᠵᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠲᠥᠯᠥᠪᠦᠷᠢ ᠲᠠᠢ ᠬᠡᠷᠡᠭᠯᠡᠬᠦ ᠳᠦᠷᠢᠮ ᠢ ᠲᠠᠭᠦᠯᠳᠡᠷᠵᠢᠭᠦᠯᠦᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠣᠯᠪᠠᠴᠤ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠵᠡᠷᠭᠡ ᠲᠠᠯ᠎ᠠ ᠪᠠᠷ ᠪᠠᠰᠠ ᠨᠢᠭᠡ ᠪᠦᠯᠦᠭ ᠠᠰᠠᠭᠤᠳᠠᠯ ᠣᠷᠣᠰᠢᠵᠤ ᠪᠠᠶᠢᠨ᠎ᠠ᠃ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠦᠷᠦᠩᠭᠡ ᠶᠢᠨ ᠬᠠᠤᠯᠢ︾  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠵᠢᠴᠢ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠬᠠᠤᠯᠢ ᠲᠣᠭᠲᠠᠭᠠᠯ ᠳᠦᠷᠢᠮ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠠᠵᠤ ᠠᠬᠤᠶᠢᠯᠠᠯ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠷᠢᠶ᠎ᠠ ᠰᠠᠯᠠᠭ᠎ᠠ ᠮᠥᠴᠢᠷ ᠨᠢᠭᠡᠴᠢ ︵ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠢ ᠪᠠᠭᠲᠠᠨ᠎ᠠ︶ ᠨᠦᠭᠦᠳ ᠲᠦᠷᠥ ᠤᠯᠤᠰ ᠤᠨ ᠡᠮᠦᠨ᠎ᠡ ᠠᠴᠠ ᠪᠡᠯᠡ ᠭᠠᠷᠭᠠᠭᠰᠠᠨ ᠤᠯᠤᠰ ᠤᠨ ᠦᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠬᠤᠪᠢᠴᠠᠭ᠎ᠠ ᠶᠢ ᠡᠵᠡᠮᠳᠡᠭᠰᠡᠨ ᠠᠵᠤ ᠠᠬᠤᠶᠢᠯᠠᠯ ᠪᠠ ᠤᠯᠤᠰ ᠠᠴᠠ ᠪᠣᠳᠠᠲᠠᠶ ᠡᠵᠡᠮᠳᠡᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠤᠶ᠃      ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠭᠡᠳᠡᠭ ᠨᠢ ᠤᠯᠤᠰ ᠤᠨ ᠦᠮᠴᠢᠯᠠᠯᠲᠤ ᠠᠵᠤ ᠠᠬᠤᠶᠢᠯᠠᠯ ᠬᠤᠳᠠᠯᠳᠤᠬᠤ᠂ ᠦᠨ᠎ᠡ ᠲᠣᠭᠲᠠᠭᠠᠨ ᠪᠡᠯᠡ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ ᠣᠯᠤᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠪᠠᠨ ᠰᠢᠯᠵᠢᠭᠦᠯᠬᠦ ᠦᠢᠯᠡ ᠠᠵᠢᠯᠯᠠᠭ᠎ᠠ ᠶᠢ ᠵᠢᠭᠠᠵᠤ ᠪᠣᠢ᠃      ᠬᠤᠶᠠᠷ᠂ ᠨᠡᠭᠦᠷᠡᠰᠦ ᠳᠤ ᠬᠤᠯᠪᠣᠭᠳᠠᠭᠰᠠᠨ ᠤᠯᠤᠰ ᠤᠨ ᠦᠮᠴᠢᠯᠠᠯᠲᠤ ᠠᠵᠤ ᠠᠬᠤᠶᠢᠯᠠᠯ ᠨᠢ ᠰᠲ᠋ᠣᠺ ᠤᠨ ᠡᠷᠬᠡ ᠶᠢᠨ ᠬᠠᠮᠲᠤᠷᠠᠯᠴᠠᠭ᠎ᠠ ᠥᠷᠨᠢᠭᠦᠯᠦᠭᠰᠡᠨ ᠪᠠᠶᠢᠪᠠᠯ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠳᠦᠷᠢᠮ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠬᠤᠯᠪᠣᠭᠳᠠᠭᠰᠠᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠡᠷᠬᠡᠪᠰᠢ ᠦᠨᠡᠯᠡᠨ ᠵᠢᠱᠢᠬᠦ ᠬᠡᠪᠴᠢᠶᠡᠨ ᠳᠤ ᠣᠷᠤᠭᠤᠯᠬᠤ ᠶᠢᠨ ᠬᠠᠮᠲᠤ᠂ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ ᠦᠨ᠎ᠡ ᠲᠣᠭᠲᠠᠭᠠᠯᠭᠠᠬᠤ ᠬᠡᠷᠡᠭᠲᠡᠶ᠃ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠪᠤᠰᠤᠳ ᠬᠦᠮᠦᠨ ᠦᠨ᠎ᠡ ᠲᠥᠯᠥᠪᠦᠷᠢ ᠦᠭᠡᠶ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠲ᠋ᠣᠺ ᠤᠨ ᠡᠷᠬᠡ ᠶᠢᠨ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠦᠨ᠎ᠡ ᠲᠥᠯᠥᠪᠦᠷᠢ ᠦᠭᠡᠶ ᠪᠤᠶᠤ ᠳᠣᠤᠷ᠎ᠠ ᠦᠨ᠎ᠡ ᠪᠠᠷ ᠰᠢᠯᠵᠢᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠭᠤᠷᠪᠠ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠰᠢᠯᠵᠢᠭᠦᠯᠦᠨ ᠥᠭᠬᠦ ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠪᠠ ᠥᠷᠢᠰᠥᠯᠳᠦᠭᠡᠨ ᠡᠮᠬᠢ ᠵᠢᠷᠤᠮ ᠲᠠᠢ ᠪᠠᠶᠢᠬᠤ ᠵᠠᠷᠴᠢᠮ ᠢᠶᠠᠷ ᠶᠠᠪᠤᠭᠳᠠᠭᠤᠯᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ  ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠳᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ ᠪᠠ ᠵᠦᠪᠯᠡᠯᠴᠡᠭᠡᠷ ᠢᠶᠠᠷ ᠰᠢᠯᠵᠢᠭᠦᠯᠦᠨ ᠥᠭᠬᠦ ᠪᠠᠶᠢᠳᠠᠯ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠰᠤᠩᠭᠤᠨ ᠲᠣᠭᠲᠠᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠠᠷᠠᠯᠵᠢᠶᠠᠯᠠᠬᠤ ᠬᠢᠷᠢ ᠴᠢᠳᠠᠮᠵᠢ ᠲᠠᠢ ᠥᠮᠴᠢᠯᠡᠬᠦ ᠡᠷᠬᠡ  ᠶᠢᠨ ᠠᠷᠠᠯᠵᠢᠶᠠᠯᠠᠬᠤ ᠪᠠᠶᠢᠭᠤᠯᠤᠮᠵᠢ ᠳᠤ ᠢᠯᠡ ᠪᠠᠷ ᠶᠠᠪᠤᠭᠳᠠᠭᠤᠯᠬᠤ ᠬᠡᠷᠡᠭᠲᠡᠶ᠃      ᠳᠥᠷᠪᠡ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠡᠵᠡᠮᠰᠢᠵᠦ ᠪᠠᠶᠢᠭ᠎ᠠ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠳᠤ᠂ ᠡᠷᠬᠡᠪᠰᠢ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠦᠨᠳᠦᠰᠦᠯᠡᠨ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠪᠢᠴᠢᠭ ᠤᠨ ᠬᠡᠯᠪᠡᠷᠢ ᠪᠠᠷ ᠰᠢᠢᠳᠪᠦᠷᠢ ᠭᠠᠷᠭᠠᠬᠤ ᠶᠢᠨ ᠬᠠᠮᠲᠤ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ︽ᠠᠭᠤᠷᠬᠠᠶ ᠬᠠᠶᠢᠬᠤ ᠡᠷᠬᠡ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠶ᠃ ᠡᠭᠦᠨ ᠳᠤ᠂ ᠤᠯᠤᠰ ᠤᠨ  ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠬᠤᠪᠢᠷᠠᠭᠤᠯᠬᠤ ᠳᠤ ᠬᠤᠯᠪᠣᠭᠳᠠᠪᠠᠯ᠂ ᠡᠷᠬᠡᠪᠰᠢ ᠤᠷᠢᠳ ᠢᠶᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠬᠤᠪᠢᠷᠠᠭᠤᠯᠬᠤ ᠳᠠᠩᠰᠠᠯᠠᠯ ᠬᠢᠬᠦ ᠬᠡᠷᠡᠭᠲᠡᠶ᠃      ᠲᠠᠪᠤ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠰᠢᠯᠵᠢᠭᠦᠯᠦᠨ ᠥᠭᠬᠦ ᠪᠠᠷ ᠵᠥᠪᠰᠢᠶᠡᠷᠡᠭᠦᠯᠦᠭᠰᠡᠨ ᠪᠤᠶᠤ ᠲᠣᠭᠲᠠᠭᠠᠭᠰᠠᠨ ᠤ ᠳᠠᠷᠠᠭ᠎ᠠ᠂ ᠠᠭᠤᠷᠬᠠᠶ ᠶᠢᠨ ᠠᠵᠢᠯ ᠲᠦᠷᠦᠯ ᠤᠨ ᠡᠷᠬᠡ ᠲᠠᠢ ᠠᠵᠤ ᠠᠬᠤᠶᠢᠯᠠᠯ ᠨᠢ ︽ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠦᠨᠡᠯᠡᠨ ᠵᠢᠱᠢᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠠᠭᠤᠷᠬᠠᠶ ᠶᠢᠨ ᠠᠵᠢᠯ ᠲᠦᠷᠦᠯ ᠤᠨ ᠡᠷᠬᠡ ᠶᠢᠨ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂  ᠵᠤᠬᠢᠬᠤ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠵᠦ᠂ ᠦᠨᠡᠯᠡᠨ ᠵᠢᠱᠢᠭᠰᠡᠨ ᠮᠡᠳᠡᠭᠦᠯᠦᠯᠲᠡ ᠳᠤ ᠬᠠᠷᠭᠤᠭᠤᠯᠤᠨ ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠷᠤᠮ ᠢ ᠭᠦᠢᠴᠡᠳᠭᠡᠬᠦ ᠬᠡᠷᠡᠭᠲᠡᠢ᠃      ᠵᠢᠷᠭᠤᠭ᠎ᠠ᠂ ᠠᠭᠤᠷᠬᠠᠶ ᠬᠠᠶᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠶᠢ ᠰᠢᠯᠵᠢᠭᠦᠯᠦᠨ ᠥᠭᠬᠦ ᠶᠢ ᠬᠦᠯᠢᠶᠡᠨ ᠠᠪᠤᠭᠴᠢ ᠨᠢ ᠠᠭᠤᠷᠬᠠᠶ ᠬᠠᠶᠢᠬᠤ ᠡᠷᠬᠡ ᠪᠣᠯᠣᠨ ᠠᠭᠤᠷᠬᠠᠶ ᠮᠠᠯᠲᠠᠬᠤ ᠡᠷᠬᠡᠲᠦ ᠬᠥᠮᠦᠨ ᠤ ᠬᠠᠤᠯᠢ ᠪᠠᠷ ᠲᠣᠭᠲᠠᠭᠠᠭᠰᠠᠨ ᠬᠢᠷᠢ ᠴᠢᠳᠠᠮᠵᠢ ᠶᠢᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃      ᠳᠣᠯᠤᠭ᠎ᠠ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠡᠵᠡᠮᠳᠡᠵᠦ ᠪᠠᠶᠢᠭ᠎ᠠ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠬᠡᠰᠡᠭ ᠬᠤᠪᠢᠶᠠᠨ ᠰᠢᠯᠵᠢᠭᠦᠯᠦᠨ ᠥᠭᠴᠦ ᠪᠣᠯᠬᠤ ᠦᠭᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠭᠤᠷᠬᠠᠶ ᠶᠢᠨ ᠠᠵᠢᠯ ᠲᠦᠷᠦᠯ ᠤᠨ ᠡᠷᠬᠡ ᠶᠢ ᠰᠠᠯᠭᠠᠨ ᠲᠤᠰᠠᠭᠠᠷᠯᠠᠬᠤ ᠪᠠᠷ ᠭᠦᠢᠴᠡᠳᠭᠡᠭᠰᠡᠨ ᠪᠣᠯ᠂ ᠰᠠᠯᠭᠠᠭᠰᠠᠨ ᠤ ᠳᠠᠷᠠᠭᠠᠬᠢ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ ᠶᠢ ᠲᠤᠰᠠᠭᠠᠷ ᠨᠢ ᠲᠤᠰ ᠲᠤᠰ ᠲᠤ ᠨᠢ ᠰᠢᠯᠵᠢᠭᠦᠯᠦᠨ ᠥᠭᠴᠦ ᠪᠣᠯᠬᠤ ᠦᠭᠡᠶ᠃      ᠨᠠᠢᠮᠠ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠰᠢᠯᠵᠢᠭᠦᠯᠦᠨ ᠥᠭᠬᠦ ᠳᠤ ᠬᠤᠯᠪᠣᠭᠳᠠᠬᠤ ᠫᠠᠶᠢᠰᠠ ᠡᠯᠭᠦᠨ ᠦᠨ᠎ᠡ ᠲᠣᠭᠲᠠᠭᠠᠬᠤ᠂ ᠫᠠᠶᠢᠰᠠ ᠡᠯᠭᠦᠬᠦ ᠬᠤᠭᠤᠴᠠᠭ᠎ᠠ ᠬᠢᠵᠠᠭᠠᠷ ᠵᠢᠴᠢ ᠦᠨ᠎ᠡ ᠬᠠᠩᠰᠢ ᠶᠢᠨ ᠵᠣᠭᠤᠰ ᠢ ᠥᠭᠬᠦ ᠠᠷᠭ᠎ᠠ ᠮᠠᠶ᠋ᠢᠭ ᠵᠡᠷᠭᠡ ᠳᠤ᠂ ︽ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠦᠮᠴᠢᠯᠠᠯᠲᠤ ᠪᠡᠯᠡ ᠬᠥᠷᠥᠩᠭᠡ ᠶᠢᠨ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃      ᠶᠢᠰᠦ᠂ ᠤᠯᠤᠰ ᠤᠨ ᠦᠮᠴᠢᠯᠠᠯᠲᠤ ᠠᠵᠤ ᠠᠬᠤᠶᠢᠯᠠᠯ ᠨᠢ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠢᠯᠡ ᠪᠠᠷ ᠠᠷᠠᠯᠵᠢᠶᠠᠯᠠᠬᠤ ᠲᠠᠯᠠᠪᠤᠷ ᠲᠤ ᠠᠷᠠᠯᠵᠢᠶᠠᠯᠠᠬᠤ ᠳᠡᠰ ᠳᠠᠷᠠᠭᠠᠯᠠᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠥᠮᠴᠢᠯᠡᠬᠦ ᠡᠷᠬᠡ ᠶᠢᠨ ᠠᠷᠠᠯᠵᠢᠶᠠᠯᠠᠬᠤ ᠪᠠᠶᠢᠭᠤᠯᠤᠮᠵᠢ ᠶᠢᠨ ᠭᠠᠷᠭᠠᠨ ᠥᠭᠭᠦᠭᠰᠡᠨ ᠥᠮᠴᠢᠯᠡᠬᠦ ᠡᠷᠬᠡ ᠶᠢᠨ ᠠᠷᠠᠯᠵᠢᠶᠠᠯᠠᠬᠤ ᠭᠡᠷᠡᠴᠢ ᠪᠠᠷᠢᠮᠲᠠ ᠵᠡᠷᠭᠡ ᠪᠢᠴᠢᠭ ᠮᠠᠲ᠋ᠧᠷᠢᠶᠠᠯ ᠢ ᠠᠪᠴᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠳᠡᠰ ᠳᠠᠷᠠᠭᠠᠯᠠᠯ ᠢ ᠬᠠᠤᠯᠢ ᠪᠠ ᠲᠣᠭᠲᠠᠭᠠᠯ ᠶᠣᠰᠣᠭᠠᠷ ᠭᠦᠢᠴᠡᠳᠭᠡᠬᠦ ᠬᠡᠷᠡᠭᠲᠡᠶ᠃      ᠠᠷᠪᠠ᠂ ᠲᠣᠭᠲᠠᠭᠠᠯ ᠠᠴᠠ ᠵᠥᠷᠢᠴᠡᠨ ᠠᠭᠤᠷᠬᠠᠶ ᠶᠢᠨ ᠠᠵᠢᠯ ᠲᠦᠷᠦᠯ ᠤᠨ ᠡᠷᠬᠡ ᠪᠠᠨ ᠰᠢᠯᠵᠢᠭᠦᠯᠦᠨ ᠥᠭᠭᠦᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠠᠤᠯᠢ ᠪᠠ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠠᠷᠪᠠᠨ ᠨᠢᠭᠡ᠂ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠤᠯᠤᠰ ᠤᠨ ᠦᠮᠴᠢᠯᠠᠯᠲᠤ ᠠᠵᠤ ᠠᠬᠤᠶᠢᠯᠠᠯ ᠤᠨ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠬᠠᠮᠲᠤᠷᠠᠨ ᠠᠵᠢᠯᠯᠠᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2015﹈ 30 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ                                     2020 ᠣᠨ ᠤ 9 ᠳ᠋ᠤᠬᠡᠷ ᠰᠠᠷ᠎ᠠ ᠶᠢᠨ 30 ᠤ ᠡᠳᠦᠷ                                      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ