︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2020/11/4
                     ᠦᠪᠦᠷ ᠵᠠᠰᠠᠭ ᠠᠯᠪᠠᠨ ᠲᠠᠷᠬᠠᠭᠠᠭᠰᠠᠨ ﹇2020﹈ 29  ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄          ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                     2020 ᠣᠨ ᠤ 9  ᠳ᠋ᠤᠬᠡᠷ ᠰᠠᠷ᠎ᠠ ᠶᠢᠨ 16 ᠤ ᠡᠳᠦᠷ                               ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ       ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ      ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠨᠠᠶᠢᠳᠠᠪᠤᠷᠢᠵᠢᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠪᠠ ᠭᠠᠯ ᠤᠨ ᠠᠶᠤᠯ ᠬᠥᠨᠥᠭᠡᠯ ᠢ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠢᠨᠠᠯᠲᠠ ᠲᠠᠯ᠊ᠪᠢᠵᠤ ᠬᠠᠮᠢᠶᠠᠷᠬᠤ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠬᠤ ᠳᠤ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠢ ᠨᠦᠭᠦᠳ ᠪᠥᠬᠦ ᠲᠠᠯ᠎ᠠ ᠪᠠᠷ ᠬᠠᠷᠢᠭᠤᠴᠠᠬᠤ ᠂ ᠠᠷᠠᠳ ᠢᠷᠭᠡᠳ ᠢᠳᠡᠪᠬᠢᠲᠡᠢ ᠣᠷᠣᠯᠴᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠳᠥᠷᠪᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ  ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠢ ᠭᠤᠤᠯ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠠᠷ ᠨᠢ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢᠨ ᠬᠠᠮᠲᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃      ᠴᠡᠷᠢᠭ ᠤᠨ ᠪᠡᠯᠡᠳᠬᠡᠮᠵᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠵᠢᠯ ᠢ ᠲᠡᠭᠦᠨ ᠤ  ᠭᠤᠤᠯᠴᠢᠯᠠᠨ ᠬᠠᠮᠢᠶᠠᠷᠬᠤ ᠨᠢᠭᠡᠴᠢ ᠠᠴᠠ ᠬᠢᠨᠠᠯᠳᠠ ᠲᠠᠯᠪᠢᠵᠦ ᠬᠠᠮᠢᠶᠠᠷᠴᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ︔ ᠨᠡᠭᠦᠷᠡᠰᠦᠨ ᠠᠭᠤᠷᠬᠠᠶ ᠶᠢᠨ ᠬᠤᠳᠳᠤᠭ ᠤᠨ ᠳᠣᠲᠣᠷᠠᠬᠢ ᠬᠡᠰᠡᠭ ᠤᠨ ᠭᠠᠯ ᠰᠡᠷᠭᠡᠶᠢᠯᠡᠵᠦ ᠤᠨᠳᠠᠷᠠᠭᠠᠬᠤ ᠠᠵᠢᠯ ᠢ ᠲᠡᠭᠦᠨ ᠤ  ᠭᠤᠤᠯᠴᠢᠯᠠᠨ ᠬᠠᠮᠢᠶᠠᠷᠬᠤ ᠨᠢᠭᠡᠴᠢ ᠠᠴᠠ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠰᠢᠰᠲ᠋ᠧᠮ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠤᠯᠢ ᠪᠠ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃      ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠤᠢ ᠰᠢᠭᠤᠶ᠂ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠪᠠᠷ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃      ᠵᠢᠷᠭᠤᠳᠤᠭᠠᠷ ᠵᠦᠢᠯ  ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ᠂ ᠳᠠᠯᠳᠠ ᠬᠡᠮ ᠢ ᠥᠪᠡᠰᠦᠪᠡᠨ ᠠᠷᠢᠯᠭᠠᠬᠤ᠂ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠬᠦ ᠶᠢ ᠪᠠᠷᠢᠮᠲᠠᠯᠠᠬᠤ ᠬᠡᠷᠡᠭᠲᠡᠢ᠃ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ  ᠨᠢᠭᠡᠴᠢ ᠪᠣᠯ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠡᠳᠡᠭᠡᠷ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭᠠᠲᠠᠨ ᠪᠤᠶᠤ ᠪᠣᠳᠠᠲᠠᠶ  ᠡᠵᠡᠮᠰᠢᠭᠴᠢ ᠨᠢ ᠲᠣᠰ ᠨᠢᠭᠡᠴᠢ᠂ ᠲᠣᠰ ᠲᠠᠯᠠᠪᠤᠷ ᠭᠠᠵᠠᠷ  ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠲᠣᠰ ᠨᠢᠭᠡᠴᠢ᠂ ᠲᠣᠰ ᠲᠠᠯᠠᠪᠤᠷ ᠭᠠᠵᠠᠷ  ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠦᠬᠦ ᠲᠠᠯ᠎ᠠ ᠪᠠᠷ ᠬᠠᠷᠢᠭᠤᠴᠠᠬᠤ ᠬᠡᠷᠡᠭᠲᠡᠢ᠃      ᠳᠣᠯᠣᠳᠤᠭᠠᠷ ᠵᠦᠢᠯ  ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠠᠤᠯᠢ ᠶᠣᠰᠣᠭᠠᠷ ᠡᠭᠦᠷᠭᠡ  ᠲᠤᠰᠢᠶᠠᠯ ᠢᠶᠠᠨ ᠭᠦᠢᠴᠡᠳᠬᠡᠬᠦ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠢ ᠪᠤᠶᠤ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠢ ᠨᠢᠭᠡᠴᠢ ᠪᠠ ᠬᠤᠪᠢ ᠬᠥᠮᠦᠨ ᠠᠴᠠ ᠬᠠᠤᠯᠢ ᠪᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠬᠤᠶᠠᠳᠤᠭᠠᠷ ᠪᠦᠯᠦᠭ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ      ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠬᠤ ᠬᠡᠷᠡᠭᠲᠡᠶ᠃ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠭᠰᠡᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠰᠣᠳᠤᠯᠵᠤ ᠪᠠᠶᠢᠷᠢᠯᠠᠭᠤᠯᠬᠤ ᠬᠡᠷᠡᠭᠲᠡᠢ᠃ ᠵᠢᠯ ᠪᠦᠷᠢ ᠭᠠᠯ ᠰᠡᠷᠭᠡᠶᠢᠯᠡᠵᠦ ᠤᠨᠲᠠᠷᠠᠭᠠᠭᠰᠠᠨ ᠠᠵᠢᠯ ᠤᠨ ᠪᠠᠶᠢᠳᠠᠯ ᠢᠶᠠᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠤᠰᠬᠠᠢ ᠰᠡᠳᠦᠪ ᠢᠶᠠᠷ ᠮᠡᠳᠡᠭᠦᠯᠬᠦ ᠬᠡᠷᠡᠭᠲᠡᠶ᠃      ︵ᠬᠤᠶᠠᠷ︶ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠣᠨᠴᠠᠯᠢᠭ ᠪᠠ ᠪᠣᠳᠠᠲᠠᠶ ᠪᠠᠶᠢᠳᠠᠯ ᠳᠤ ᠴᠢᠭᠯᠡᠭᠦᠯᠦᠨ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ  ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠯᠭᠠᠬᠤ ᠪᠠ ᠵᠠᠰᠠᠪᠤᠷᠢ ᠣᠷᠤᠭᠤᠯᠤᠭᠤᠯᠬᠤ ᠪᠠᠷ ᠴᠠᠭ ᠲᠤᠬᠠᠶ ᠳᠤ ᠨᠢ ᠳᠡᠪᠰᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠣᠭᠲᠠᠭᠠᠯ ᠳᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠡᠷᠡᠭᠲᠡᠶ᠃      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠬᠦᠯᠬᠡ ᠳᠤ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠭᠤᠯᠤᠯᠲᠠ᠂ ᠭᠠᠯ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠤᠰᠤᠨ ᠤ ᠬᠠᠩᠭᠠᠯᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠵᠡᠷᠭᠡ ᠠᠭᠤᠯᠭ᠎ᠠ ᠶᠢ ᠪᠠᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠲᠦᠷᠪᠡ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠰ ᠤᠨ ᠬᠥᠭᠵᠢᠯᠲᠡ ᠳᠤ ᠬᠡᠷᠡᠭᠰᠡᠬᠦ ᠵᠠᠷᠤᠳᠠᠯ ᠢ ᠪᠠᠲᠤᠯᠠᠬᠤ ᠬᠡᠷᠡᠭᠲᠡᠶ᠃      ︵ᠲᠠᠪᠤ︶ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠯ᠎ᠠ ᠶᠢᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠭᠠᠯ ᠤᠨ ᠠᠶᠤᠯ ᠤᠨ ᠲᠠᠯᠳᠠ ᠭᠡᠮ ᠪᠠ ᠣᠷᠣᠨ ᠪᠦᠰᠡ ᠶᠢᠨ ᠴᠢᠨᠠᠷᠲᠠᠢ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠵᠠᠰᠠᠬᠤ ᠠᠵᠢᠯ ᠢᠶᠠᠨ ᠵᠣᠬᠢᠶᠠᠨ ᠪᠠᠶᠢᠭᠤᠯᠵᠤ ᠬᠡᠷᠡᠭᠵᠢᠬᠦᠯᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠳᠤ ᠨᠡᠷ᠎ᠡ ᠵᠢᠭᠠᠵᠤ ᠰᠢᠮᠳᠠᠭᠤᠯᠤᠨ ᠰᠢᠢᠳᠪᠦᠷᠢᠯᠡᠭᠦᠯᠬᠦ ᠳᠦᠷᠢᠮ ᠢ ᠬᠡᠷᠡᠭᠵᠢᠭᠦᠯᠬᠦ ᠬᠡᠷᠡᠭᠲᠡᠶ᠃      ︵ᠵᠢᠷᠭᠤᠭ᠎ᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠨᠡᠶᠢᠭᠡᠮ ᠤᠨ ᠬᠤᠯᠪᠣᠭᠠᠯᠠᠨ ᠬᠥᠳᠡᠯᠦᠯᠴᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠦᠳᠡᠯᠦᠯᠴᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠨ᠂ ᠠᠵᠢᠯᠲᠠᠨ᠂ ᠲᠣᠨᠤᠭ ᠲᠥᠬᠦᠭᠡᠷᠦᠮᠵᠢ᠂ ᠵᠠᠷᠤᠳᠠᠯ ᠪᠠ ᠭᠠᠯ ᠤᠨᠲᠠᠷᠠᠭᠠᠬᠤ ᠡᠮ ᠨᠤᠨᠳᠠᠭ ᠵᠡᠷᠭᠡ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠠᠵᠢᠯ ᠤᠨ ᠮᠠᠰᠢᠨ ᠮᠧᠬᠠᠨᠢᠭ ᠪᠠ ᠣᠨᠴᠠᠭᠠᠢ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠲᠤᠬᠢᠷᠠᠭᠤᠯᠬᠤ ᠬᠡᠷᠡᠭᠲᠡᠶ᠃      ︵ᠳᠣᠯᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠂ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠰᠠᠶᠢᠨ ᠳᠤᠷᠠᠴᠤᠳ ᠤᠨ ᠡᠩᠨᠡᠭᠡ ᠶᠢ ᠪᠠᠶᠢᠭᠤᠯᠬᠤ ᠶᠢᠨ ᠬᠠᠮᠲᠤ᠂ ᠴᠢᠬᠤᠯᠠ ᠪᠦᠬᠦᠢ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠲᠣᠳᠤᠷᠬᠠᠢ ᠲᠣᠭᠲᠠᠭᠠᠨ᠂ ᠤᠷᠢᠵᠤ ᠡᠯᠰᠡᠬᠦ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠡᠯᠰᠡᠵᠦ᠂ ᠠᠵᠢᠯ ᠤᠨ ᠬᠡᠷ ᠪᠠᠶᠢᠰᠢᠩ ᠪᠠᠶᠢᠭᠤᠯᠵᠤ᠂ ᠲᠣᠨᠤᠭ ᠲᠥᠬᠦᠭᠡᠷᠦᠮᠵᠢ ᠶᠢ ᠨᠢ ᠪᠦᠷᠢᠨ ᠲᠣᠬᠢᠷᠠᠭᠤᠯᠬᠤ ᠬᠡᠷᠡᠭᠲᠡᠢ︔ ᠴᠠᠯᠢᠩ᠂ ᠳᠠᠭᠠᠳᠬᠠᠯ ᠪᠠ ᠬᠠᠮᠢᠶ᠎ᠠ ᠪᠦᠬᠦᠢ ᠠᠰᠠᠷᠠᠮᠵᠢ ᠣᠯᠭᠤᠮᠵᠢ ᠶᠢ ᠨᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃      ︵ᠨᠠᠢᠮᠠ︶ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠲᠡᠷᠢᠭᠦᠨ ᠤ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ᠂ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃      ︵ᠶᠢᠰᠦ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠪᠠᠶᠢᠩᠭᠤ ᠶᠢᠨ ᠴᠢᠨᠠᠷᠲᠠᠶ ᠵᠣᠬᠢᠶᠠᠨ ᠪᠠᠶᠢᠭᠤᠯᠵᠦ ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠨᠡᠶᠢᠭᠡᠮ ᠤᠨ ᠬᠢᠨ ᠤ ᠪᠡᠯᠡ ᠮᠥᠩᠭᠦ ᠶᠢ ᠬᠠᠮᠲᠤ ᠳᠤ ᠨᠢ ᠣᠷᠣᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠯ ᠰᠡᠷᠭᠡᠶᠢᠯᠡᠵᠦ ᠤᠨᠲᠠᠷᠠᠭᠠᠬᠤ ᠬᠥᠮᠦᠵᠢᠯ ᠪᠣᠯᠪᠠᠰᠤᠷᠠᠭᠤᠯᠤᠯ᠂ ᠮᠡᠷᠭᠡᠵᠢᠯ ᠤᠨ ᠦᠢᠯᠡᠴᠢᠯᠡᠭᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠠᠬᠢᠭᠤᠯᠬᠤ ᠬᠡᠷᠡᠭᠲᠡᠢ᠃      ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠤᠰᠤᠳ ᠡᠭᠦᠷᠭᠡ ᠬᠠᠷᠢᠭᠤᠴᠠᠯᠭ᠎ᠠ᠃      ᠶᠢᠰᠦᠳᠦᠭᠡᠷ ᠵᠦᠢᠯ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠠᠢᠮᠠᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠄      ︵ᠨᠢᠭᠡ︶ ᠬᠤᠲᠠ ᠬᠥᠳᠡᠭᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠩᠭᠢ ᠪᠠ ᠥᠷᠲᠡᠭᠡ᠂ ᠪᠣᠯᠪᠠᠰᠤᠷᠠᠯ ᠤᠨ ᠪᠡᠯᠡᠳᠬᠡᠮᠵᠢ ᠵᠡᠷᠭᠡ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠬᠦ ᠬᠡᠷᠡᠭᠲᠡᠢ᠃ ᠭᠠᠯ ᠤᠨᠲᠠᠷᠠᠭᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠠᠯ ᠶᠣᠰᠣᠭᠠᠷ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠤᠰᠤᠨ ᠤ ᠬᠠᠩᠭᠠᠯᠭ᠎ᠠ ᠶᠢᠨ ᠪᠡᠯᠡᠳᠬᠡᠮᠵᠢ ᠶᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠭᠠᠯ ᠤᠨᠲᠠᠷᠠᠭᠠᠬᠤ ᠤᠰᠤᠨ ᠤ ᠰᠤᠷᠪᠤᠯᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠦᠲᠦᠭᠡᠨ ᠪᠠᠶᠢᠭᠤᠯᠬᠤ᠂ ᠬᠠᠮᠢᠶᠠᠷᠤᠨ ᠬᠠᠮᠠᠭᠠᠯᠠᠬᠤ ᠰᠠᠯᠠᠭ᠎ᠠ ᠮᠥᠴᠢᠷ ᠪᠠ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠶ᠃      ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠪᠤᠶᠤ ᠠᠷᠠᠳ ᠲᠤ ᠪᠣᠳᠠᠲᠤ ᠶᠠᠪᠤᠳᠠᠯ ᠬᠢᠬᠦ ᠢᠨᠵᠧᠨᠧᠷᠢᠩ ᠳᠤ ᠣᠷᠣᠭᠤᠯᠬᠤ ᠬᠡᠷᠡᠭᠲᠡᠢ︔ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠤᠬᠡᠳ ᠤᠨ ᠴᠡᠴᠡᠷᠯᠢᠭ᠂ ᠬᠡᠤᠬᠡᠳ ᠰᠠᠭᠠᠲᠠᠭᠤᠯᠬᠤ ᠭᠠᠵᠠᠷ᠂ ᠰᠠᠭᠤᠭᠠᠯᠢ ᠠᠷᠠᠳ ᠤᠨ ᠬᠡᠷ ᠪᠦᠯᠢ᠂ ᠵᠢᠵᠢᠭ ᠪᠠᠭᠤᠳᠠᠯ᠂ ᠪᠦᠯᠦᠭᠯᠡᠨ ᠲᠦᠷᠢᠶᠡᠰᠦᠯᠡᠬᠦ ᠬᠡᠷ ᠵᠢᠴᠢ ᠬᠤᠨᠣᠵᠤ ᠰᠠᠭᠤᠬᠤ ᠬᠢᠭᠡᠳ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ ᠳᠤ ᠬᠠᠮᠲᠤᠷᠠᠨ ᠬᠡᠷᠡᠭᠯᠡᠬᠦ ᠲᠠᠯᠠᠪᠤᠷ ᠭᠠᠵᠠᠷ ᠲᠤ ᠰᠦᠷᠴᠢᠭᠦᠷ ᠤᠨ ᠲᠥᠬᠦᠮ ᠲᠣᠨᠣᠭᠯᠠᠯ᠂ ᠤᠲᠤᠭ᠎ᠠ ᠪᠠᠷ ᠭᠠᠯ ᠤᠨ ᠠᠶᠤᠯ ᠢ ᠰᠡᠷᠡᠵᠦ ᠰᠢᠨᠵᠢᠬᠦ ᠲᠤᠰᠠᠭᠠᠷ ᠰᠡᠷᠡᠮᠵᠢᠯᠡᠭᠦᠯᠬᠦ ᠪᠠᠭᠠᠵᠢ ᠤᠭᠰᠠᠷᠠᠬᠤ ᠶᠢ ᠳᠡᠯᠭᠡᠷᠡᠭᠦᠯᠬᠦ ᠬᠡᠷᠡᠭᠲᠡᠢ᠃      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ  ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠦᠮᠦᠵᠢᠯ ᠤᠨ ᠰᠠᠭᠤᠷᠢᠨ ᠭᠠᠵᠠᠷ ᠢ ᠲᠥᠯᠥᠪᠯᠡᠭᠡ ᠲᠠᠢ ᠪᠠᠷ ᠪᠦᠲᠦᠭᠡᠨ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃      ᠠᠷᠪᠠᠳᠤᠭᠠᠷ ᠵᠦᠢᠯ  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠴᠢᠩᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃      ︵ᠬᠤᠶᠠᠷ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠵᠠᠷᠤᠳᠠᠯ ᠤᠨ ᠵᠠᠷᠤᠯᠭ᠎ᠠ ᠳᠤ ᠬᠡᠷᠡᠭᠯᠡᠬᠦ ᠬᠡᠷᠡᠭᠲᠡᠢ᠃      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠶᠢ ᠪᠠᠶᠢᠷᠢᠯᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠭᠡᠮ ᠢ ᠰᠢᠮᠳᠠᠭᠤᠯᠤᠨ ᠴᠡᠭᠴᠡᠯᠡᠵᠦ ᠰᠠᠶᠢᠵᠢᠷᠠᠭᠤᠯᠬᠤ ᠬᠡᠷᠡᠭᠲᠡᠶ᠃      ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠲᠤᠰᠬᠠᠶ ᠬᠥᠮᠦᠨ  ᠲᠣᠭᠲᠠᠭᠠᠵᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ  ᠬᠠᠷᠢᠴᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ ᠲᠤᠤᠷᠵᠢᠯᠬᠠᠰᠠᠨ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      ︵ᠲᠠᠪᠤ︶ ᠲᠤᠬᠠᠶ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠡᠭᠦᠷᠭᠡ ᠴᠢᠳᠠᠪᠤᠷᠢ ᠶᠢ ᠡᠭᠦᠷᠭᠡᠯᠡᠭᠦᠯᠬᠦ ᠶᠢᠨ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠤᠬᠠᠭᠤᠯᠭ᠎ᠠ᠂ ᠲᠠᠷᠬᠠᠭᠠᠵᠤ ᠵᠠᠶᠢᠯᠠᠭᠤᠯᠬᠤ ᠰᠣᠷᠢᠯᠲᠠ᠂ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ᠂ ᠳᠠᠯᠳᠠ ᠭᠡᠮ ᠢ ᠪᠠᠶᠢᠴᠠᠭᠠᠵᠤ ᠠᠷᠢᠯᠭᠠᠬᠤ ᠠᠵᠢᠯ ᠢ ᠥᠷᠨᠢᠭᠦᠯᠬᠦ ᠬᠡᠷᠡᠭᠲᠡᠢ᠃      ︵ᠵᠢᠷᠭᠤᠭ᠎ᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ  ᠤᠨ ᠵᠥᠪᠯᠡᠯ ︵ᠨᠡᠶᠢᠭᠡᠮ ᠲᠣᠭᠤᠷᠢᠭ︶ ᠢ ᠵᠢᠭᠠᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠣᠯᠠᠨ ᠲᠦᠮᠡᠨᠴᠢ ᠴᠢᠨᠠᠷᠲᠠᠶ ᠠᠵᠢᠯ ᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠤᠳᠤᠷᠬᠠᠢ ᠲᠣᠭᠲᠠᠭᠠᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠤᠬᠠᠭᠤᠯᠭ᠎ᠠ ᠬᠥᠮᠥᠵᠢᠯ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠵᠡᠷᠭᠡ ᠶᠢᠨ ᠠᠵᠢᠯ ᠢ ᠥᠷᠨᠢᠭᠦᠯᠬᠦ ᠬᠡᠷᠡᠭᠲᠡᠶ᠃      ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠡᠮᠦᠨᠡᠬᠢ ︵ᠭᠤᠷᠪᠠ︶ ︵ᠳᠥᠷᠪᠡ︶ ︵ᠲᠠᠪᠤ︶ ︵ᠵᠢᠷᠭᠤᠭ᠎ᠠ︶ ᠳ᠋ᠤᠭᠠᠷ ᠵᠤᠷᠪᠤᠰ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠶᠢᠨ ᠬᠠᠮᠲᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠠᠷᠤᠳᠠᠯ ᠢ ᠪᠠᠲᠤᠯᠠᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ  ᠨᠡᠭᠡᠭᠡᠯᠳᠡ ᠬᠢᠬᠦ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠨᠢ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠨ ᠬᠠᠮᠢᠶᠠᠷᠴᠤ᠂ ᠲᠤᠰ ᠠᠷᠭ᠎ᠠ ᠶᠢᠨ ᠶᠣᠰᠣᠭᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ  ᠭᠦᠢᠴᠡᠳᠬᠡᠬᠦ ᠬᠡᠷᠡᠭᠲᠡᠶ᠃      ᠭᠤᠷᠪᠠᠳᠤᠭᠠᠷ ᠪᠦᠯᠦᠭ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠪᠠ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ      ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠢ ᠪᠠ ᠪᠠᠶᠢᠭᠤᠯᠤᠮᠵᠢ ᠶᠢᠨ ᠬᠠᠮᠲᠤ ᠶᠢᠨ ᠡᠭᠦᠷᠭᠡ ᠬᠠᠷᠢᠭᠤᠴᠠᠯᠭ᠎ᠠ᠄      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠳᠤᠷᠢᠳᠴᠤ ᠵᠣᠬᠢᠶᠠᠨ ᠪᠠᠶᠢᠭᠤᠯᠬᠤ ᠪᠠᠶᠢᠭᠤᠯᠤᠮᠵᠢ ᠪᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠨᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠣᠨᠴᠠᠯᠢᠭ ᠢᠶᠠᠨ ᠦᠨᠳᠦᠰᠦᠯᠡᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠲᠥᠯᠥᠪᠵᠢᠭᠦᠯᠪᠡ ᠲᠥᠯᠥᠪᠯᠡᠭᠡ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠪᠠᠨ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠲᠣᠰ ᠠᠵᠢᠯ ᠲᠥᠷᠥᠯ᠂ ᠲᠣᠰ ᠰᠢᠰᠲ᠋ᠧᠮ ᠤᠨ ᠬᠠᠮᠢᠶ᠎ᠠ ᠪᠦᠬᠦᠢ ᠨᠢᠭᠡᠴᠢ ᠪᠠᠨ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠬᠠᠮᠢᠶᠠᠷᠬᠤ ᠠᠵᠢᠯᠲᠠᠨ ᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃      ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠴᠢᠭᠯᠡᠭᠦᠯᠬᠦ ᠴᠢᠨᠠᠷᠲᠠᠶ ᠪᠠᠶᠢᠴᠠᠭᠠᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠬᠤ ᠬᠡᠷᠡᠭᠲᠡᠢ︔ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠠᠵᠢᠯ ᠡᠷᠬᠢᠯᠡᠭᠰᠡᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠤᠰᠤᠳ ᠡᠭᠦᠷᠭᠡ ᠬᠠᠷᠢᠭᠤᠴᠠᠯᠭ᠎ᠠ᠃      ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠪᠠ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠄      ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠯ ᠰᠡᠷᠬᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠪᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠵᠢᠭᠠᠨ ᠵᠢᠯᠣᠭᠤᠳᠴᠤ ᠵᠣᠬᠢᠴᠠᠭᠤᠯᠤᠨ᠂ ᠬᠢᠨᠠᠯᠲᠠ ᠲᠠᠯᠪᠢᠨ ᠪᠠᠶᠢᠴᠠᠭᠠᠵᠤ᠂ ᠴᠠᠭᠳᠠᠨ ᠪᠠᠶᠢᠴᠠᠭᠠᠵᠤ ᠰᠢᠯᠭᠠᠨ ᠬᠢᠨᠠᠬᠤ ᠬᠡᠷᠡᠭᠲᠡᠢ᠃ ᠭᠠᠯ  ᠰᠡᠷᠬᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ  ᠶᠢᠨ ᠲᠣᠭᠲᠠᠭᠠᠭᠰᠠᠨ ᠲᠣᠰ ᠵᠠᠰᠠᠭ ᠵᠠᠬᠢᠷᠭᠠᠨ ᠤ ᠣᠷᠣᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠨ ᠣᠯᠵᠤ ᠮᠡᠳᠡᠭᠰᠡᠨ ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠲᠣᠰ ᠭᠠᠵᠠᠷ ᠣᠷᠣᠨ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠭᠠᠯ ᠲᠦᠢᠮᠡᠷ ᠤᠨ ᠠᠶᠤᠯ ᠭᠠᠮᠰᠢᠭ ᠤᠨ ᠳᠠᠯᠳᠠ ᠭᠡᠮ ᠣᠷᠣᠰᠢᠵᠤ ᠪᠠᠶᠢᠭ᠎ᠠ ᠪᠠᠶᠢᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠬᠦ ᠬᠡᠷᠡᠭᠲᠡᠢ᠃      ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ  ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠳᠤ ᠬᠤᠯᠪᠣᠭᠳᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠭᠠᠯ ᠠᠯᠳᠠᠭᠰᠠᠨ ᠶᠠᠯ᠎ᠠ ᠪᠠ ᠭᠠᠯ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢᠨ ᠠᠳᠡᠯ ᠤᠨ ᠶᠠᠯ᠎ᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠢᠯᠡᠳᠪᠦᠷᠢᠯᠡᠯ ᠤᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠡᠷᠡᠭᠦᠤ ᠶᠢᠨ ᠬᠡᠷᠡᠭ ᠢ ᠰᠢᠢᠳᠪᠦᠷᠢᠯᠡᠬᠦ ᠬᠡᠷᠡᠭᠲᠡᠢ᠃ ᠭᠠᠯ ᠤᠨᠲᠠᠷᠠᠭᠠᠵᠤ ᠠᠪᠤᠷᠠᠨ ᠲᠤᠰᠠᠯᠠᠬᠤ  ᠠᠬᠤᠢ ᠲᠠᠯᠠᠪᠠᠢ ᠵᠢᠴᠢ ᠡᠷᠭᠢᠨ ᠲᠣᠭᠤᠷᠢᠨ ᠳᠠᠬᠢ ᠵᠠᠮ ᠢ ᠵᠠᠯᠠᠵᠤ ᠵᠢᠯᠣᠭᠤᠳᠤᠨ ᠰᠢᠯᠤᠭᠤᠳᠬᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭᠠᠨ ᠳᠤ ᠭᠠᠯ ᠤᠨᠲᠠᠷᠠᠭᠠᠬᠤ ᠲᠡᠷᠭᠡ ᠬᠥᠰᠬᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠢᠬᠤᠯᠠ ᠲᠠᠢ ᠣᠢᠶ᠎ᠠ ᠳᠤ ᠨᠢ ᠵᠠᠮ ᠬᠠᠷᠢᠯᠴᠠᠭᠠᠨ ᠳᠤ ᠵᠠᠬᠢᠷᠤᠨ ᠬᠠᠮᠢᠶᠠᠷᠤᠯᠲᠠ ᠬᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠬᠢᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠢ ᠶᠢ ᠰᠢᠮᠳᠠᠭᠤᠯᠬᠤ ᠪᠠ ᠵᠢᠭᠠᠨ ᠵᠢᠯᠤᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠦᠷ ᠲᠥᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      ︵ᠭᠤᠷᠪᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠬᠤ ᠬᠡᠷᠡᠭᠲᠡᠢ᠃ ᠰᠤᠷᠭᠠᠭᠤᠯᠢ ᠨᠤᠭᠤᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠭᠠᠨ ᠵᠢᠯᠣᠭᠤᠳᠴᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠰᠤᠷᠭᠠᠭᠤᠯᠢ ᠨᠤᠭᠤᠳ ᠤᠨ ᠠᠮᠤᠷ ᠲᠦᠪᠰᠢᠨ ᠤ ᠬᠥᠮᠥᠵᠢᠯ ᠤᠨ ᠠᠵᠢᠯᠯᠠᠭ᠎ᠠ ᠪᠠ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠠᠷᠢᠶ᠎ᠠ ᠭᠠᠵᠠᠷ ᠲᠠᠬᠢ ᠰᠤᠷᠭᠠᠭᠤᠯᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠵᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃      ︵ᠳᠥᠷᠪᠡ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ ᠨᠠᠰᠤᠵᠢᠯ ᠤᠨ ᠦᠢᠯᠡᠴᠢᠯᠡᠭᠡᠨ᠂ ᠬᠡᠤᠬᠡᠳ ᠤᠨ ᠠᠰᠠᠷᠠᠮᠵᠢ᠂ ᠤᠷᠤᠭ ᠤᠨ ᠳᠠᠩᠰᠠᠯᠠᠯᠲᠠ᠂ ᠠᠪᠤᠷᠠᠨ ᠲᠤᠰᠠᠯᠠᠬᠤ ᠬᠠᠮᠢᠶᠠᠷᠤᠯᠲᠠ᠂ ᠣᠷᠣᠰᠢᠭᠤᠯᠭ᠎ᠠ ᠶᠢᠨ ᠦᠢᠯᠡᠴᠢᠯᠡᠭᠡ᠂ ᠣᠶᠤᠨ ᠮᠡᠳᠡᠷᠡᠯ ᠡᠷᠡᠭᠦᠯ ᠬᠠᠮᠠᠭᠠᠯᠠᠯ ᠤᠨ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ ᠪᠠᠶᠢᠭᠤᠯᠤᠮᠵᠢ ᠨᠤᠭᠤᠳ ᠤᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃      ︵ᠲᠠᠪᠤ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤ‌‍ᠷᠭᠠᠭᠤᠯᠢ ᠶᠢᠨ ᠵᠥᠪᠰᠢᠶᠡᠷᠡᠯ ᠪᠤᠶᠤ ᠬᠠᠮᠢᠶᠠᠷᠤᠯᠲᠠ ᠳᠠᠬᠢ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠠᠵᠤ ᠠᠬᠤᠶᠢᠯᠠᠯ ᠤᠨ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠠᠵᠢᠯ ᠮᠡᠷᠭᠡᠵᠢᠯ ᠤᠨ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ ᠬᠡᠷᠡᠭᠲᠡᠶ᠃      ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠨᠢ ᠤᠯᠤᠰ ᠤᠨ ᠲᠣᠭᠲᠠᠭᠠᠯ ᠢ ᠦᠨᠳᠦᠰᠦᠯᠡᠨ᠂ ᠭᠠᠯ ᠰᠡᠷᠭᠡᠶᠢᠯᠡᠵᠦ ᠤᠨᠲᠠᠷᠠᠭᠠᠬᠤ ᠲᠥᠯᠥᠪᠵᠢᠭᠦᠯᠭᠡ ᠶᠢ ᠵᠣᠬᠢᠬᠤ ᠱᠠᠲᠤ ᠳᠡᠰ ᠲᠠᠬᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠪᠡ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠣᠷᠣᠭᠤᠯᠵᠤ᠂ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ ᠤᠨᠲᠠᠷᠠᠭᠠᠬᠤ ᠠᠩᠭᠢ ᠪᠠ ᠥᠷᠲᠡᠭᠡ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠪᠠ ᠦᠢᠯᠡᠴᠢᠯᠡᠬᠦ ᠪᠡᠯᠡᠳᠬᠡᠮᠵᠢ ᠶᠢ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠤᠨᠲᠠᠷᠠᠭᠠᠬᠤ ᠪᠡᠯᠡᠳᠬᠡᠮᠵᠢ ᠪᠠᠶᠢᠷᠢᠯᠠᠭᠤᠯᠬᠤ ᠲᠤᠰᠬᠠᠶ ᠲᠥᠯᠥᠪᠵᠢᠭᠦᠯᠭᠡ ᠶᠢ ᠲᠣᠭᠲᠠᠭᠠᠵᠤ᠂ ᠲᠥᠯᠥᠪᠵᠢᠭᠦᠯᠪᠡ ᠶᠣᠰᠣᠭᠠᠷ ᠭᠠᠯ ᠤᠨᠲᠠᠷᠠᠭᠠᠬᠤ ᠥᠷᠲᠡᠭᠡ ᠳᠤ ᠲᠥᠯᠥᠪᠵᠢᠭᠦᠯᠦᠨ ᠬᠡᠷᠡᠭᠯᠡᠬᠦ ᠭᠠᠵᠠᠷ ᠢ ᠦᠯᠡᠳᠡᠭᠡᠵᠦ ᠥᠭᠬᠦ ᠶᠢᠨ ᠬᠠᠮᠲᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠲᠡᠶ᠃      ︵ᠳᠣᠯᠤᠭ᠎ᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠨᠢ ᠪᠦᠲᠦᠭᠡᠨ ᠪᠠᠶᠢᠭᠤᠯᠬᠤ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ  ᠰᠢᠯᠭᠠᠨ ᠬᠤᠷᠢᠶᠠᠵᠦ ᠠᠪᠬᠤ᠂ ᠪᠦᠷᠢᠳᠬᠡᠨ ᠳᠠᠩᠰᠠᠯᠠᠵᠤ ᠰᠤᠭᠤᠴᠢᠨ ᠪᠠᠶᠢᠴᠠᠭᠠᠬᠤ ᠶᠢ ᠬᠠᠤᠯᠢ ᠶᠣᠰᠣᠭᠠᠷ ᠬᠠᠷᠢᠭᠤᠴᠠᠨ ᠬᠡᠷᠡᠭᠵᠢᠭᠦᠯᠵᠦ᠂ ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠪᠠᠷ ᠦᠨᠳᠦᠰᠦᠯᠡᠯ ᠪᠣᠯᠭᠠᠵᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠠᠵᠢᠯ ᠢ ᠬᠠᠤᠯᠢ ᠶᠣᠰᠣᠭᠠᠷ ᠬᠢᠬᠦ ᠬᠡᠷᠡᠭᠲᠡᠢ᠃ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠠᠷᠢᠭᠤᠴᠠᠯᠭᠠᠲᠤ ᠨᠢᠭᠡᠴᠢ ᠶᠢ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠣᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠦᠨᠳᠦᠰᠦᠯᠡᠯ ᠪᠣᠯᠭᠠᠵᠤ ᠪᠦᠲᠦᠭᠡᠨ ᠪᠠᠶᠢᠭᠤᠯᠬᠤ ᠪᠠᠷᠢᠯᠭ᠎ᠠ ᠶᠢᠨ ᠬᠦᠷᠢᠶᠡᠨ ᠳᠠᠬᠢ ᠭᠠᠯ ᠤᠨ ᠠᠶᠤᠯ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠬᠤ ᠬᠡᠷᠡᠭᠲᠡᠶ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠵᠣᠬᠢᠶᠠᠨ ᠪᠠᠶᠢᠭᠤᠯᠵᠤ ᠲᠣᠭᠲᠠᠭᠠᠬᠤ ᠵᠢᠴᠢ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠳᠡᠯᠭᠡᠷᠡᠭᠦᠯᠬᠦ ᠳᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠦᠴᠦᠨ ᠵᠦᠢᠯ ᠢ ᠭᠦᠢᠴᠡᠳ ᠪᠣᠳᠣᠯᠬᠢᠯᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠯᠠᠭᠰᠠᠳ ᠲᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠬᠢᠬᠦ ᠶᠢ ᠵᠢᠭᠠᠨ ᠵᠢᠯᠣᠭᠤᠳᠬᠤ ᠬᠡᠷᠡᠭᠲᠡᠶ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠵᠤ ᠪᠠᠶᠢᠭᠠᠳ ᠣᠷᠣᠨ  ᠰᠠᠭᠤᠴᠠ ᠶᠢᠨ ᠲᠣᠭᠤᠷᠢᠭ ᠤᠨ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠤ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠨᠠᠢᠮᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠨᠢ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠳᠤ ᠵᠢᠭᠠᠨ ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃ ᠬᠠᠭᠤᠷᠠᠢ ᠵᠠᠮ ᠤᠰᠤᠨ ᠵᠠᠮ ᠤᠨ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡᠨ ᠤ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠬᠦ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯᠯᠠᠭᠰᠠᠳ ᠤᠨ ᠬᠠᠮᠢᠶᠠᠷᠤᠯᠲᠠ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠤᠯᠵᠤᠬᠤ ᠲᠡᠷᠭᠡ ᠵᠡᠷᠭᠡ ᠬᠤᠲᠠ ᠶᠢᠨ ᠠᠶᠠᠨᠴᠢᠳ ᠵᠥᠭᠡᠭᠡᠪᠦᠷᠢᠯᠡᠬᠦ ᠠᠵᠢᠯ ᠲᠥᠷᠥᠯ ᠬᠢᠭᠡᠳ ᠤᠰᠤᠨ ᠳᠡᠭᠡᠷᠡᠬᠢ ᠠᠶᠠᠯᠠᠬᠤ ᠱᠤᠭᠤᠮ᠂ ᠭᠠᠷᠠᠮ ᠤᠨ ᠠᠷᠠᠴᠢᠯᠠᠨ ᠬᠠᠮᠠᠭᠠᠯᠠᠬᠤ ᠵᠡᠷᠭᠡ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠭᠠᠨ ᠵᠢᠯᠣᠭᠤᠳᠴᠤ ᠰᠢᠮᠳᠠᠭᠤᠯᠬᠤ ᠬᠡᠷᠡᠭᠲᠡᠶ᠃      ︵ᠶᠢᠰᠦ︶ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠨᠢ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ᠂ ᠳᠡᠯᠡᠬᠡᠶ ᠶᠢᠨ ᠰᠣᠶᠣᠯ ᠤᠨ ᠥᠪ ᠪᠠ ᠮᠥᠽᠸᠢ ᠶᠢᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠤ ᠬᠠᠷᠢᠭᠤᠴᠠᠬᠤ ᠬᠡᠷᠡᠭᠲᠡᠢ᠃ ᠣᠯᠠᠨ ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠵᠦᠴᠦᠭᠡ ᠶᠢᠨ ᠬᠦᠷᠢᠶᠡᠯᠡᠩ᠂ ᠰᠣᠶᠣᠯ ᠤᠨ ᠣᠷᠳᠣᠨ ︵ᠥᠷᠲᠡᠭᠡ︶ ᠵᠡᠷᠭᠡ ᠰᠢᠭᠤᠳ ᠬᠠᠷᠢᠶ᠎ᠠ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃ ᠰᠣᠶᠣᠯ᠂ ᠬᠡᠪᠯᠡᠯ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠵᠡᠷᠭᠡ ᠰᠣᠶᠣᠯ ᠤᠨ ᠵᠠᠬ᠎ᠠ ᠳᠡᠯᠭᠡᠭᠦᠷ ᠡᠵᠡᠩᠨᠡᠬᠦ ᠨᠢᠭᠡᠴᠢ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠢ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠡᠳᠦᠪ ᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠪᠠ ᠲᠣᠭᠯᠠᠬᠤ ᠳᠤ ᠵᠢᠭᠠᠨ ᠵᠢᠯᠣᠭᠤᠳᠴᠤ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃      ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠨᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮᠴᠢᠯᠡᠬᠦ ᠦᠢᠯᠡᠴᠢᠯᠡᠭᠡᠨ ᠤ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠪᠰᠤᠷᠴᠤ ᠪᠠᠶᠢᠭᠠᠳ ᠭᠠᠯ ᠤᠨ ᠠᠶᠤᠯ ᠠᠳᠡᠯ ᠪᠠ ᠭᠠᠯ ᠤᠨᠲᠠᠷᠠᠭᠠᠵᠤ ᠠᠶᠤᠯ ᠠᠴᠠ ᠠᠪᠤᠷᠠᠨ ᠲᠤᠰᠠᠯᠠᠬᠤ ᠠᠵᠢᠯ ᠳᠤ ᠰᠢᠷᠬᠠᠲᠤᠭᠰᠠᠳ ᠢ ᠡᠮᠴᠢᠯᠡᠨ ᠵᠠᠰᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ︵ᠠᠷᠪᠠᠨ ᠨᠢᠭᠡ︶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ᠂ ᠴᠡᠷᠢᠭ ᠤᠨ ᠠᠮᠠᠷᠠᠯᠲᠠ ᠪᠠ ᠴᠡᠷᠢᠭ ᠤᠨ ᠬᠠᠩᠭᠠᠯᠭ᠎ᠠ᠂ ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷᠲᠠᠨ ᠤ ᠬᠦᠷᠢᠶᠡᠯᠡᠩ ᠵᠡᠷᠭᠡ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠶᠢᠭᠤᠯᠤᠮᠵᠢ ᠶᠢᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠬᠤ ᠬᠡᠷᠡᠭᠲᠡᠢ᠃ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠠᠳᠡᠵᠦ ᠰᠢᠷᠬᠠᠲᠤᠭᠰᠠᠳ ᠢ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠰᠠᠶᠢᠰᠢᠶᠠᠨ ᠭᠦᠬᠢᠭᠦᠯᠵᠦ ᠠᠰᠠᠷᠠᠮᠵᠢ ᠣᠯᠭᠤᠬᠤ ᠬᠡᠷᠡᠭᠲᠡᠢ᠃      ︵ᠠᠷᠪᠠᠨ ᠬᠤᠶᠠᠷ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠦᠢᠯᠡᠳᠪᠦᠷᠢᠯᠡᠯ᠂ ᠭᠦᠢᠯᠭᠡᠭᠡᠨ ᠤ ᠬᠦᠷᠢᠶᠡᠨ ᠳᠠᠬᠢ ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠳᠤᠭᠤᠶ  ᠵᠡᠷᠭᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠂ᠴᠠᠬᠢᠯᠭᠠᠨ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ᠂ ᠴᠠᠬᠢᠯᠭᠠᠨ ᠬᠥᠳᠡᠯᠭᠡᠭᠦᠷᠲᠦ ᠳᠤᠭᠤᠶ  ᠶᠢᠨ ᠶᠠᠰᠤ ᠴᠢᠨᠠᠷ ᠤᠨ ᠲᠠᠯ᠎ᠠ ᠪᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠠᠪᠠᠯᠠᠵᠤ ᠤᠭᠰᠠᠷᠠᠬᠤ ᠵᠢᠴᠢ ᠬᠡᠷᠡᠭᠯᠡᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ ᠳᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ  ᠭᠦᠴᠦᠨ ᠵᠦᠢᠯ ᠢ ᠭᠦᠢᠴᠡᠳ ᠪᠣᠳᠣᠯᠬᠢᠯᠠᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠤᠯᠪᠣᠭᠳᠠᠯ ᠪᠦᠬᠦᠢ ᠴᠢᠳᠠᠮᠵᠢ ᠵᠢᠴᠢ ᠱᠠᠭᠠᠷᠳᠠᠯᠭ᠎ᠠ ᠶᠢ ᠬᠠᠩᠭᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠰᠢᠨ᠎ᠡ ᠮᠡᠷᠭᠡᠵᠢᠯ ᠤᠨ ᠬᠡᠷᠡᠭᠯᠡᠭᠡᠨ ᠢ ᠢᠳᠡᠪᠬᠢᠲᠡᠢ ᠳᠡᠯᠭᠡᠷᠡᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠬᠠᠮᠢᠶ᠎ᠠ ᠪᠦᠬᠦᠢ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠬᠢᠬᠦ ᠠᠵᠢᠯᠯᠠᠭ᠎ᠠ ᠵᠢᠴᠢ ᠶᠠᠰᠤ ᠴᠢᠨᠠᠷ ᠤᠨ ᠭᠡᠷᠡᠴᠢᠯᠡᠭᠡ ᠬᠢᠬᠦ ᠲᠠᠯ᠎ᠠ ᠪᠠᠷ ᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃      ︵ᠠᠷᠪᠠᠨ ᠭᠤᠷᠪᠠ︶ ᠷᠠᠳᠢᠣ᠋ ᠲᠧᠯᠸᠢᠰ ᠤᠨ ᠰᠠᠯᠠᠭ᠎ᠠ ᠮᠥᠴᠢᠷ ᠤᠳ ᠨᠢ ᠰᠢᠭᠤᠳ ᠬᠠᠷᠢᠶ᠎ᠠ ᠨᠢᠭᠡᠴᠢ ᠵᠢᠴᠢ ᠬᠠᠷᠢᠶ᠎ᠠ ᠭᠠᠵᠠᠷ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ ᠨᠢ ᠬᠠᠷᠢᠭᠤᠴᠠᠬᠤ ᠬᠡᠷᠡᠭᠲᠡᠢ᠃ ᠬᠠᠮᠢᠶ᠎ᠠ ᠪᠦᠬᠦᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠬᠢᠬᠦ ᠬᠡᠷᠡᠭᠲᠡᠶ᠃      ︵ᠠᠷᠪᠠᠨ ᠳᠥᠷᠪᠡ︶ ᠡᠨᠧᠷᠭᠢ ᠶᠢᠨ ᠰᠠᠯᠠᠭ᠎ᠠ ᠮᠥᠴᠢᠷ ᠤᠳ ᠨᠢ ᠨᠡᠭᠦᠷᠡᠰᠦᠨ ᠠᠭᠤᠷᠬᠠᠢ ᠶᠢᠨ ᠬᠤᠳᠳᠤᠭ ᠤᠨ ᠳᠣᠲᠣᠷᠠᠬᠢ ᠬᠡᠰᠡᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠯᠦᠭᠡ ᠬᠠᠮᠵᠢᠯᠴᠠᠵᠤ ᠴᠠᠬᠢᠯᠭᠠᠨ ᠬᠦᠴᠦᠨ  ᠪᠠ ᠲᠣᠰᠣ ᠬᠡᠢ ᠶᠢᠨ ᠬᠤᠯᠠ ᠳᠠᠮᠵᠢᠭᠤᠯᠬᠤ ᠬᠤᠭᠤᠯᠠᠶ ᠭᠤᠤᠷᠰᠤ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠰᠠᠬᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠤᠨ ᠠᠶᠤᠯ ᠰᠡᠷᠭᠡᠶᠢᠯᠡᠬᠦ ᠲᠡᠷᠢᠭᠦᠨ ᠤ ᠮᠡᠷᠭᠡᠵᠢᠯ ᠤᠨ ᠪᠡᠯᠡᠳᠬᠡᠮᠵᠢ ᠶᠢ ᠳᠡᠯᠭᠡᠷᠡᠭᠦᠯᠦᠨ ᠬᠡᠷᠡᠭᠯᠡᠭᠦᠯᠬᠦ ᠬᠡᠷᠡᠭᠲᠡᠶ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠴᠠᠬᠢᠯᠭᠠᠨ ᠬᠡᠷᠡᠭᠯᠡᠬᠦ ᠶᠢ ᠨᠢ ᠵᠢᠷᠤᠮᠵᠢᠭᠤᠯᠬᠤ ᠬᠡᠷᠡᠭᠲᠡᠢ᠃      ︵ᠠᠷᠪᠠᠨ ᠲᠠᠪᠤ︶ ᠣᠢ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠣᠢ ᠰᠢᠭᠤᠶ᠂ ᠨᠤᠲᠤᠭ ᠪᠡᠯᠴᠢᠭᠡᠷ ᠤᠨ ᠰᠢᠰᠲ᠋ᠧᠮ ᠤᠨ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠬᠤ ᠬᠡᠷᠡᠭᠲᠡᠢ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠢ ᠰᠢᠭᠤᠶ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠪᠠᠶᠢᠭᠠᠯᠢ ᠶᠢᠨ ᠥᠪ᠂ ᠭᠠᠵᠠᠷ ᠰᠢᠨᠵᠢᠯᠡᠬᠡᠨ ᠤ ᠴᠡᠴᠡᠷᠯᠢᠭ ᠵᠡᠷᠭᠡ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠶ᠃      ︵ᠠᠷᠪᠠᠨ ᠵᠢᠷᠭᠤᠭ᠎ᠠ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠶ᠃      ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠤᠳᠤᠯᠤᠯ ᠢ ᠵᠣᠬᠢᠶᠠᠨ ᠪᠠᠶᠢᠭᠤᠯᠵᠤ ᠵᠢᠭᠠᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠰᠡᠷᠭᠡᠶᠢᠯᠡᠵᠦ ᠤᠨᠲᠠᠷᠠᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ  ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠭᠠᠯ ᠰᠡᠷᠭᠡᠶᠢᠯᠡᠵᠦ ᠤᠨᠲᠠᠷᠠᠭᠠᠬᠤ ᠮᠡᠳᠡᠯᠭᠡ ᠶᠢ ᠣᠷᠣᠭᠤᠯᠬᠤ ᠬᠡᠷᠡᠭᠲᠡᠢ᠃      ︵ᠠᠷᠪᠠᠨ ᠨᠠᠢᠮᠠ︶ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠤᠳ ᠨᠢ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ ᠲᠥᠯᠥᠪᠵᠢᠭᠦᠯᠭᠡ ᠶᠢ ᠬᠠᠷᠢᠭᠤᠴᠠᠬᠤ ᠬᠡᠷᠡᠭᠲᠡᠢ᠃ ᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠦᠢᠯᠡᠳᠪᠦᠷᠢᠯᠡᠬᠦ ᠪᠠ ᠪᠣᠷᠣᠯᠠᠭᠤᠯᠬᠤ ᠬᠦᠷᠢᠶᠡᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠭᠠᠨ ᠵᠢᠯᠣᠭᠤᠳᠬᠤ ᠪᠠ ᠰᠢᠮᠳᠠᠭᠤᠯᠬᠤ ᠬᠡᠷᠡᠭᠲᠡᠢ᠃      ︵ᠠᠷᠪᠠ ᠶᠢᠰᠦ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠨᠢ ᠭᠢᠨᠳᠠᠨ ᠤ ᠰᠢᠰᠲ᠋ᠧᠮ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠯᠪᠠᠲᠠᠨ ᠲᠤᠰᠠᠭᠠᠷᠯᠠᠵᠤ ᠬᠤᠤᠷ ᠲᠠᠲᠠᠵᠤ ᠡᠳ᠋ᠯᠡᠬᠦ ᠶᠢ ᠵᠣᠭᠰᠣᠭᠠᠬᠤ ᠭᠠᠵᠠᠷ ᠲᠠᠯᠠᠪᠤᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠢ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠶ᠃      ︵ᠬᠤᠷᠢ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠪᠡᠯᠡ ᠮᠦᠩᠭᠦᠨ ᠳᠤ ᠲᠣᠭᠲᠠᠭᠠᠯ ᠶᠣᠰᠣᠭᠠᠷ ᠲᠥᠰᠦᠪ ᠤᠨ ᠬᠠᠮᠢᠶᠠᠷᠤᠯᠲᠠ ᠬᠢᠬᠦ ᠶᠢ ᠬᠠᠷᠢᠭᠤᠴᠠᠬᠤ ᠬᠡᠷᠡᠭᠲᠡᠢ᠃      ︵ᠬᠤᠷᠢᠨ ᠨᠢᠭᠡ︶ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠴᠢᠩᠭᠠᠳᠬᠠᠵᠤ᠂ ᠰᠢᠲᠠᠮᠠᠬᠠᠶ ᠬᠡᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠷᠡᠭᠯᠡᠭᠴᠢ ᠶᠢᠨ ᠠᠮᠤᠷ ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠶᠢ ᠵᠢᠯᠣᠭᠤᠳᠬᠤ ᠶᠢᠨ ᠬᠠᠮᠲᠤ ᠰᠢᠲᠠᠮᠠᠬᠠᠶ ᠬᠡᠢ ᠶᠢᠨ ᠪᠡᠯᠡᠳᠬᠡᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠵᠦ ᠳᠠᠯᠳᠠ ᠭᠡᠮ ᠢ ᠠᠷᠢᠯᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠰᠢᠲᠠᠮᠠᠬᠠᠶ ᠬᠡᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠰᠢᠲᠠᠮᠠᠬᠠᠶ ᠬᠡᠢ ᠶᠢᠨ ᠲᠠᠯ᠎ᠠ ᠪᠠᠷ ᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ︵ᠬᠤᠷᠢᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠤᠳ ᠨᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠬᠤ ᠬᠡᠷᠡᠭᠲᠡᠢ᠃      ︵ᠬᠤᠷᠢᠨ ᠭᠤᠷᠪᠠ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠵᠢᠴᠢ ᠲᠣᠮᠣ ᠬᠡᠪᠴᠢᠶᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠳᠠᠭᠠᠭᠠᠨ ᠡᠷᠬᠢᠯᠡᠬᠦ ᠳᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠢ ᠵᠢᠭᠠᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠷᠢᠨ ᠳᠥᠷᠪᠡ︶ ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠤᠳ ᠨᠢ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠶᠢ ᠬᠠᠷᠢᠭᠤᠴᠠᠬᠤ ᠬᠡᠷᠡᠭᠲᠡᠢ᠃      ︵ᠬᠤᠷᠢᠨ ᠲᠠᠪᠤ︶ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠰᠠᠯᠠᠭ᠎ᠠ ᠮᠥᠴᠢᠷ ᠤᠳ ᠨᠢ ᠨᠥᠭᠡᠴᠡᠯᠡᠬᠦ ᠠᠮᠤ ᠪᠤᠳᠠᠭ᠎ᠠ ᠶᠢᠨ ᠨᠥᠭᠡᠴᠡᠯᠡᠨ ᠬᠠᠳᠠᠭᠠᠯᠠᠬᠤ ᠭᠤᠭᠴᠤᠭ᠎ᠠ᠂ ᠭᠠᠮᠰᠢᠭ ᠠᠴᠠ ᠠᠪᠤᠷᠠᠵᠤ ᠲᠤᠰᠠᠯᠠᠬᠤ ᠡᠳ᠋ ᠪᠠᠷᠠᠭ᠎ᠠ ᠶᠢᠨ ᠨᠥᠭᠡᠴᠡᠯᠡᠬᠦ ᠭᠤᠭᠴᠣᠭᠠᠨ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠳᠤ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠵᠢᠭᠠᠨ ᠵᠢᠯᠣᠭᠤᠳᠴᠤ ᠥᠷᠨᠢᠭᠦᠯᠬᠦ ᠬᠡᠷᠡᠭᠲᠡᠢ᠃      ︵ᠬᠤᠷᠢᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ  ᠰᠠᠯᠠᠭ᠎ᠠ ᠮᠥᠴᠢᠷ ᠤᠳ ᠨᠢ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠤ ᠠᠵᠤ ᠠᠬᠤᠶ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠧᠬᠠᠨᠢᠨᠨᠵᠢᠯᠳᠠ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠡᠯ᠎ᠡ ᠠᠵᠤ ᠦᠢᠯᠡᠰ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ ᠵᠢᠭᠠᠵᠤ ᠵᠢᠯᠣᠭᠤᠳᠬᠤ ᠬᠡᠷᠡᠭᠲᠡᠢ᠃ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠯᠴᠠᠨ ᠭᠠᠯ ᠤᠨᠲᠠᠷᠠᠭᠠᠬᠤ ᠤᠰᠤᠨ ᠰᠤᠷᠪᠤᠯᠵᠢ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠳᠤ ᠣᠷᠣᠭᠤᠯᠤᠨ ᠵᠡᠷᠭᠡ ᠳᠤ ᠨᠢ ᠬᠡᠷᠡᠭᠵᠢᠭᠦᠯᠬᠦ ᠶᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃      ︵ᠬᠤᠷᠢᠨ ᠳᠣᠯᠤᠭ᠎ᠠ︶ ᠬᠤᠲᠠ ᠶᠢᠨ ᠤᠰᠤ ᠬᠠᠩᠭᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠤᠰᠤ ᠬᠠᠩᠭᠠᠬᠤ ᠨᠢᠭᠡᠴᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠬᠤᠲᠠ ᠶᠢᠨ ᠶᠠᠪᠤᠳᠠᠯ ᠤᠨ ᠭᠠᠯ  ᠤᠨᠳᠠᠷᠠᠭᠠᠭᠤᠷ ᠤᠨ ᠲᠣᠬᠢᠷᠠᠭᠤᠯᠤᠯᠲᠠ ᠶᠢᠨ ᠭᠦᠢᠴᠡᠳ ᠪᠤᠰᠤ᠂ ᠳᠤᠲᠠᠭᠳᠠᠵᠤ ᠭᠡᠭᠡᠭᠳᠡᠭᠰᠡᠨ᠂ ᠡᠪᠳᠡᠷᠡᠵᠦ ᠰᠦᠢᠲᠦᠭᠰᠡᠨ᠂ ᠬᠦᠷᠢᠶᠡᠯᠡᠵᠦ ᠡᠵᠡᠯᠡᠭᠳᠡᠭᠰᠡᠨ᠂ ᠳᠠᠷᠤᠭᠳᠠᠵᠤ ᠪᠤᠯᠠᠭᠳᠠᠭᠰᠠᠨ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠬᠤ ᠬᠡᠷᠡᠭᠲᠡᠶ᠃ ᠤᠰᠤ ᠬᠠᠩᠭᠠᠬᠤ ᠨᠢᠭᠡᠴᠢ ᠨᠦᠭᠦᠳ ᠨᠢ ᠬᠤᠲᠠ ᠶᠢᠨ ᠶᠠᠪᠤᠳᠠᠯ ᠤᠨ ᠭᠠᠯ  ᠤᠨᠳᠠᠷᠠᠭᠠᠭᠤᠷ ᠤᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠶ ᠬᠤᠲᠠ ᠶᠢᠨ ᠭᠠᠯ ᠤᠨᠲᠠᠷᠠᠭᠠᠬᠤ ᠤᠰᠤᠨ ᠤ ᠬᠠᠩᠭᠠᠯᠭ᠎ᠠ ᠶᠢᠨ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠬᠦ ᠬᠡᠷᠡᠭᠲᠡᠶ᠃      ︵ᠬᠤᠷᠢᠨ ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠤᠷ᠎ᠠ᠂ ᠪᠠᠶᠢᠭᠤᠯᠭ᠎ᠠ ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠳᠤ ᠨᠢ ᠬᠠᠤᠯᠢ ᠶᠣᠰᠣᠭᠠᠷ ᠬᠢᠨᠠᠯᠲᠠ ᠪᠠᠶᠢᠴᠠᠭᠠᠯᠳᠠ ᠬᠢᠵᠦ᠂ ᠣᠯᠠᠨ ᠨᠡᠶᠢᠲᠡ ᠶᠢᠨ ᠪᠦᠭᠡᠮᠨᠡᠷᠡᠨ ᠴᠤᠭᠯᠠᠷᠠᠬᠤ ᠲᠠᠯᠠᠪᠤᠷ ᠭᠠᠵᠠᠷ  ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ᠂  ᠡᠵᠡᠩᠨᠡᠬᠦ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠢᠭᠯᠡᠭᠦᠯᠬᠦ ᠴᠢᠨᠠᠷᠲᠠᠶ ᠲᠤᠰᠬᠠᠶ ᠵᠠᠰᠠᠯᠲᠠ ᠶᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠤᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠪᠠᠷ ᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠬᠦ ᠬᠡᠷᠡᠭᠲᠡᠶ᠃ ᠭᠠᠯ ᠭᠠᠷᠤᠭᠰᠠᠨ ᠲᠤᠬᠠᠶ ᠶᠢᠨ ᠭᠠᠵᠠᠷ ᠲᠠᠬᠢ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠬᠤ ᠪᠠ ᠵᠢᠭᠠᠨ ᠵᠢᠯᠣᠭᠤᠳᠴᠤ᠂ ᠬᠦᠨᠳᠦ ᠶᠡᠭᠡ ᠭᠠᠯ ᠤᠨ ᠠᠶᠤᠯ ᠭᠠᠮᠰᠢᠭ ᠤᠨ ᠠᠳᠡᠯ ᠪᠠ ᠬᠥᠮᠥᠰ ᠤᠨ ᠠᠮᠢ ᠨᠠᠰᠤ ᠶᠢ ᠠᠪᠤᠷᠠᠬᠤ ᠪᠠᠷ ᠭᠤᠣᠯ ᠪᠣᠯᠭᠠᠭᠰᠠᠨ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠬᠦ ᠪᠤᠶᠤ ᠲᠡᠭᠦᠨ ᠳᠤ ᠣᠷᠣᠯᠴᠠᠬᠤ ᠬᠡᠷᠡᠭᠲᠡᠢ᠃ ᠭᠠᠯ ᠤᠨᠲᠠᠷᠠᠭᠠᠬᠤ ᠲᠤᠰᠬᠠᠶ ᠠᠩᠭᠢ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠵᠡᠷᠭᠡ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠶ᠃ ᠭᠠᠯ ᠤᠨ ᠠᠶᠤᠯ ᠭᠠᠮᠰᠢᠭ ᠤᠨ ᠠᠳᠡᠯ ᠤᠨ ᠰᠢᠯᠲᠠᠭᠠᠨ ᠤ ᠪᠠᠶᠢᠴᠠᠭᠠᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠂ ᠭᠠᠯ ᠲᠦᠢᠮᠡᠷ ᠤᠨ ᠠᠶᠤᠯ ᠭᠠᠮᠰᠢᠭ ᠤᠨ ᠬᠤᠬᠢᠷᠠᠯ ᠢ ᠪᠦᠷᠢᠳᠬᠡᠨ᠂ ᠭᠠᠯ ᠤᠨ ᠠᠶᠤᠯ ᠭᠠᠮᠰᠢᠭ ᠤᠨ  ᠠᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠵᠣᠬᠢᠶᠠᠵᠤ᠂ ᠭᠠᠯ ᠤᠨ ᠠᠶᠤᠯ ᠭᠠᠮᠰᠢᠭ ᠤᠨ  ᠠᠳᠡᠯ ᠢ ᠰᠢᠢᠳᠪᠦᠷᠢᠯᠡᠭᠰᠡᠨ ᠭᠡᠷᠡᠴᠢ ᠪᠠᠷᠢᠮᠲᠠ ᠪᠣᠯᠭᠠᠬᠤ ᠬᠡᠷᠡᠭᠲᠡᠢ᠃ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠃      ︵ᠬᠤᠷᠢ ᠶᠢᠰᠦ︶ ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂  ᠦᠨᠡᠲᠦ ᠲᠡᠮᠳᠡᠭᠲᠦ ᠶᠢᠨ ᠦᠢᠯᠡᠰ ᠤᠨ ᠪᠠᠶᠢᠭᠤᠯᠤᠮᠵᠢ᠂ ᠳᠠᠭᠠᠳᠬᠠᠯ ᠤᠨ ᠪᠠᠶᠢᠭᠤᠯᠤᠮᠵᠢ᠂ ᠬᠤᠭᠤᠴᠠᠭᠠᠲᠤ ᠪᠠᠷᠠᠭᠠᠨ ᠤ ᠦᠢᠯᠡᠰ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠲᠣᠤᠷ ᠴᠡᠭ᠂ ᠲᠣᠮᠢᠯᠠᠭᠰᠠᠨ ᠪᠠᠶᠢᠭᠤᠯᠤᠮᠵᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠬᠠᠷᠢᠭᠤᠴᠠᠨ ᠰᠢᠮᠳᠠᠭᠤᠯᠬᠤ ᠬᠡᠷᠡᠭᠲᠡᠶ᠃ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠨᠢ ᠳᠠᠭᠠᠳᠬᠠᠯ ᠤᠨ ᠺᠣᠮᠫᠠᠨᠢ ᠶᠢᠨ ᠭᠠᠯ ᠤᠨ ᠠᠶᠤᠯ ᠭᠠᠮᠰᠢᠭ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠠᠷᠢᠭᠤᠴᠠᠵᠤ ᠵᠢᠭᠠᠨ ᠵᠢᠯᠣᠭᠤᠳᠴᠤ᠂ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠭᠠᠯ ᠤᠨ ᠠᠶᠤᠯ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠵᠦ ᠬᠠᠮᠢᠶᠠᠷᠤᠨ ᠡᠵᠡᠮᠳᠡᠬᠦ ᠪᠠ ᠭᠠᠯ ᠤᠨ ᠠᠶᠤᠯ ᠭᠠᠮᠰᠢᠭ ᠤᠨ ᠠᠳᠡᠯ ᠢ ᠰᠡᠷᠭᠡᠶᠢᠯᠡᠬᠦ ᠴᠢᠳᠠᠮᠵᠢ ᠶᠢ ᠨᠢ ᠪᠠᠳᠠᠷᠠᠭᠤᠯᠬᠤ ᠬᠡᠷᠡᠭᠲᠡᠢ᠃      ︵ᠭᠤᠴᠢ︶ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠨᠢ ᠰᠦᠯᠵᠢᠶᠡᠨ ᠥᠷᠲᠡᠭᠡ᠂ ᠪᠢᠴᠢᠯ ᠪᠦᠷᠭᠡ᠂ ᠸᠢᠴᠠᠲ ᠵᠡᠷᠭᠡ ᠰᠢᠯᠵᠢᠮᠡᠯ ᠢᠨᠲ᠋ᠧᠷ ᠰᠦᠯᠵᠢᠶᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠨᠡᠶᠢᠳᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠬᠦᠨᠳᠦ ᠶᠡᠭᠡ ᠣᠨᠴᠠ ᠰᠦᠷᠡᠬᠡᠢ ᠭᠠᠯ ᠤᠨ ᠠᠶᠤᠯ ᠵᠢᠴᠢ ᠠᠶᠤᠯ ᠠᠳᠡᠯ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠵᠤ ᠲᠤᠰᠠᠯᠠᠬᠤ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠳᠤ ᠴᠢᠮᠡᠭᠡ ᠬᠤᠯᠪᠣᠭᠠᠨ ᠤ ᠪᠠᠲᠤᠯᠠᠭ᠎ᠠ ᠬᠠᠩᠭᠠᠬᠤ ᠬᠡᠷᠡᠭᠲᠡᠶ᠃      ︵ᠭᠤᠴᠢᠨ ᠨᠢᠭᠡ︶ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢ ᠰᠢᠤᠳᠠᠨ ᠤ ᠠᠵᠢᠯ ᠲᠥᠷᠥᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠵᠤ᠂ ᠰᠢᠤᠳᠠᠨ ᠤ ᠠᠵᠤ ᠠᠬᠤᠶᠢᠯᠠᠯ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠵᠢᠭᠠᠨ ᠵᠢᠯᠣᠭᠤᠳᠴᠤ᠂ ᠬᠢᠨᠠᠯᠲᠠ ᠲᠠᠯᠪᠢᠵᠤ᠂ ᠪᠠᠶᠢᠴᠠᠭᠠᠵᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠯᠭᠡᠬᠦ ᠬᠡᠷᠡᠭᠲᠡᠢ᠃      ︵ᠭᠤᠴᠢᠨ ᠬᠤᠶᠠᠷ︶ ᠵᠠᠰᠠᠭ ᠤᠨ ᠣᠷᠳᠣᠨ ᠤ ᠠᠵᠢᠯ ᠤᠨ ᠪᠤᠰᠤᠳ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠢ ᠪᠠ ᠪᠠᠶᠢᠭᠤᠯᠤᠮᠵᠢ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠪᠠ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠲᠠᠢ ᠰᠠᠯᠠᠭ᠎ᠠ ᠮᠥᠴᠢᠷ ᠪᠤᠶᠤ ᠨᠢᠭᠡᠴᠢ ᠨᠦᠭᠦᠳ ᠨᠢ ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ ᠪᠠᠶᠢᠴᠠᠭᠠᠵᠤ ᠬᠠᠮᠢᠶᠠᠷᠬᠤ ᠬᠡᠷᠡᠭᠲᠡᠢ᠃     ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠢ ᠬᠢᠨᠠᠨ ᠵᠥᠪᠰᠢᠶᠡᠷᠡᠬᠦ ᠵᠦᠢᠯᠡᠰ ᠲᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠤᠯᠢ ᠪᠠᠷ ᠲᠣᠭᠲᠠᠭᠠᠭᠰᠠᠨ ᠨᠥᠬᠦᠴᠡᠯ ᠢ ᠴᠢᠩᠭ᠎ᠠ ᠪᠠᠷ ᠬᠢᠨᠠᠨ ᠵᠥᠪᠰᠢᠶᠡᠷᠡᠵᠦ᠂ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠦᠬᠦᠨ ᠳᠤ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠵᠤ ᠪᠣᠯᠬᠤ ᠦᠭᠡᠢ ᠪᠤᠶᠤ ᠨᠡᠭᠡᠭᠡᠨ ᠡᠷᠬᠢᠯᠡᠬᠦ ᠶᠢ ᠨᠢ ᠵᠥᠪᠰᠢᠶᠡᠷᠡᠵᠦ ᠪᠣᠯᠬᠤ ᠦᠭᠡᠢ᠃ ᠨᠢᠭᠡᠨᠲᠡ ᠬᠠᠤᠯᠢ ᠶᠣᠰᠣᠭᠠᠷ ᠵᠥᠪᠰᠢᠶᠡᠷᠡᠯ ᠣᠯᠤᠭᠰᠠᠨ ᠨᠢᠭᠡᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠢ ᠲᠤᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃      ᠳᠥᠷᠪᠡᠳᠦᠭᠡᠷ ᠪᠦᠯᠦᠭ    ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ  ᠨᠡᠶᠢᠭᠡᠮ ᠤᠨ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ     ᠠᠷᠪᠠᠨ ᠲᠠᠪᠤᠳᠤᠭᠠᠷ ᠵᠦᠢᠯ  ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ ᠨᠡᠶᠢᠭᠡᠮ ᠲᠣᠭᠤᠷᠢᠭ︶ ᠨᠢ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠶᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠲᠠᠯ᠎ᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠬᠦ ᠬᠡᠷᠡᠭᠲᠡᠶ᠃      ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠤᠤᠷᠵᠢᠯᠬᠠᠰᠠᠨ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂   ᠲᠤᠤᠷᠵᠢᠯᠬᠠᠰᠠᠨ ᠬᠠᠮᠢᠶᠠᠷᠤᠯᠲᠠ ᠶᠢᠨ ᠠᠵᠢᠯᠲᠠᠨ ᠵᠢᠴᠢ ᠲᠡᠳᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠡᠭᠲᠡᠶ᠃      ︵ᠭᠤᠷᠪᠠ︶ ᠤᠯᠠᠷᠢᠯ ᠤᠨ ᠴᠢᠨᠠᠷᠲᠠᠶ ᠭᠠᠯ ᠲᠦᠢᠮᠡᠷ ᠭᠠᠷᠬᠤ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠨ᠂ ᠭᠠᠯ ᠰᠡᠷᠭᠡᠶᠢᠯᠡᠬᠦ ᠲᠠᠯ᠎ᠠ ᠪᠠᠷ ᠬᠢ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃      ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠵᠤ᠂ ᠭᠠᠯ ᠤᠨᠲᠠᠷᠠᠭᠠᠬᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠪᠠ ᠣᠯᠠᠨ ᠲᠦᠮᠡᠨᠴᠢ ᠴᠢᠨᠠᠷᠲᠠᠢ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃      ︵ᠲᠠᠪᠤ︶ ᠭᠠᠯ ᠲᠦᠢᠮᠡᠷ ᠭᠠᠷᠤᠭᠰᠠᠨ ᠦᠶ᠎ᠡ ᠳᠤ᠂ ᠭᠠᠯ ᠲᠦᠢᠮᠡᠷ ᠢ ᠴᠠᠭ ᠲᠤᠬᠠᠢ ᠳᠤ ᠨᠢ ᠮᠡᠳᠡᠭᠦᠯᠵᠦ᠂ ᠲᠡᠷᠡ ᠬᠦ ᠣᠷᠣᠨ  ᠬᠡᠪᠴᠢᠶᠡᠨ ᠳᠠᠬᠢ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ  ᠲᠠᠷᠬᠠᠭᠠᠨ ᠵᠠᠶᠢᠯᠠᠭᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠨᠢᠭᠡᠴᠢ ᠨᠦᠭᠦᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠵᠢᠴᠢ ᠲᠡᠳᠡᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯᠯᠠᠭᠠᠨ ᠤ ᠳᠦᠷᠢᠮ ᠵᠢᠷᠤᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠪᠠᠶᠢᠴᠠᠭᠠᠵᠤ ᠰᠢᠯᠭᠠᠨ ᠬᠢᠨᠠᠯᠲᠠ ᠬᠢᠵᠦ᠂ ᠡᠯ᠎ᠡ ᠵᠦᠢᠯ ᠤᠨ ᠲᠣᠭᠲᠠᠭᠠᠯ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃      ︵ᠬᠤᠶᠠᠷ︶ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ᠂ ᠲᠤᠰᠬᠠᠶ ᠪᠤᠶᠤ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ ᠪᠠ ᠭᠠᠯ ᠤᠨᠲᠠᠷᠠᠭᠠᠬᠤ ᠪᠢᠴᠢᠯ ᠥᠷᠲᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠡᠷᠡᠭᠰᠡᠬᠦ ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠠᠮᠤᠷ ᠲᠦᠪᠰᠢᠨ ᠤ ᠵᠠᠷᠤᠳᠠᠯ ᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠵᠣᠬᠢᠬᠤ ᠬᠠᠷᠢᠴᠠᠯ ᠢᠶᠠᠷ ᠬᠡᠷᠡᠭᠯᠡᠬᠦ ᠶᠢ ᠨᠢ ᠪᠠᠲᠤᠯᠠᠬᠤ ᠬᠡᠷᠡᠭᠲᠡᠶ᠃      ︵ᠭᠤᠷᠪᠠ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠡᠮᠳᠡᠭ ᠬᠠᠳᠠᠬᠤ ᠪᠠ ᠪᠣᠰᠬᠠᠨ ᠲᠠᠯᠪᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠪᠦᠬᠦ ᠲᠠᠯ᠎ᠠ ᠪᠠᠷ ᠪᠠᠶᠢᠴᠠᠭᠠᠵᠤ ᠰᠢᠯᠭᠠᠨ᠂ ᠲᠡᠳᠡᠭᠡᠷ ᠤᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠡᠵᠡᠮᠰᠢᠯ ᠤᠨ ᠲᠠᠰᠤᠭ ᠲᠠᠢ ᠪᠠᠶᠢᠪᠠᠯ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 ᠠᠴᠠ ᠳᠤᠲᠠᠭᠤ ᠦᠭᠡᠢ ᠬᠥᠮᠦᠨ ᠵᠢᠵᠢᠭᠦᠷᠯᠡᠭᠦᠯᠬᠦ ᠪᠥᠭᠡᠳ ᠠᠵᠢᠯ ᠤᠨ ᠪᠠᠶᠢᠷᠢ ᠶᠢᠨ ᠦᠨᠡᠮᠯᠡᠯ ᠲᠠᠢ ᠬᠥᠮᠥᠰ ᠢᠶᠠᠷ ᠵᠢᠵᠢᠭᠦᠷᠯᠡᠭᠦᠯᠬᠦ ᠬᠡᠷᠡᠭᠲᠡᠢ᠃      ︵ᠳᠥᠷᠪᠡ︶ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠰᠠᠭᠠᠳ ᠦᠭᠡᠢ ᠪᠠᠶᠢᠬᠤ ᠶᠢ ᠪᠠᠲᠤᠯᠠᠵᠤ᠂ ᠭᠠᠯ ᠪᠠ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠶ᠃ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠤ ᠭᠠᠯ ᠤᠨ ᠠᠶᠤᠯ ᠠᠴᠠ ᠵᠠᠶᠢᠯᠠᠵᠤ ᠵᠢᠭᠤᠳᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠮᠡᠳᠡᠬᠦ ᠬᠠᠷᠰᠢ ᠰᠠᠭᠠᠳ ᠲᠠᠢ ᠵᠦᠢᠯᠡᠰ ᠢ ᠪᠠᠶᠢᠯᠭᠠᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠠ ᠭᠡᠷ ᠲᠤᠳᠤᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠨᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃      ︵ᠲᠠᠪᠤ︶ ᠭᠠᠯ ᠰᠡᠷᠭᠡᠶᠢᠯᠡᠬᠦ ᠪᠠᠶᠢᠴᠠᠭᠠᠯᠲᠠ᠂ ᠴᠠᠭᠳᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠭᠠᠯ ᠲᠦᠢᠮᠡᠷ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃      ︵ᠵᠢᠷᠭᠤᠭ᠎ᠠ︶ ᠬᠡᠷᠡᠭᠴᠡᠭᠡ ᠪᠠᠨ ᠦᠨᠳᠦᠰᠦᠯᠡᠨ ᠲᠤᠰᠬᠠᠶ ᠪᠤᠶᠤ ᠰᠠᠶᠢᠨ ᠳᠤᠷᠠᠴᠤᠳ ᠤᠨ ᠭᠠᠯ ᠤᠨᠲᠠᠷᠠᠭᠠᠬᠤ ᠠᠩᠭᠢ᠂ ᠭᠠᠯ ᠤᠨᠲᠠᠷᠠᠭᠠᠬᠤ ᠪᠢᠴᠢᠯ ᠥᠷᠲᠡᠭᠡ ᠶᠢ ᠪᠠᠶᠢᠭᠤᠯᠵᠤ᠂ ᠭᠠᠯ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢᠯᠠᠯ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠ ᠭᠠᠯ ᠤᠨᠲᠠᠷᠠᠭᠠᠬᠤ ᠡᠮ ᠨᠤᠨᠲᠠᠭ ᠤᠨ  ᠬᠠᠳᠠᠭᠠᠯᠠᠯᠳᠠ ᠶᠢ ᠴᠢᠩᠭᠠᠳᠬᠠᠨ᠂ ᠬᠠᠮᠲᠤᠷᠠᠨ ᠠᠵᠢᠯᠯᠠᠵᠤ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠩᠬ᠎ᠠ ᠨᠣᠴᠣᠵᠤ ᠡᠬᠢᠯᠡᠭᠰᠡᠨ ᠭᠠᠯ ᠢ ᠤᠨᠲᠠᠷᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃      ︵ᠳᠣᠯᠤᠭ᠎ᠠ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠠᠷᠪᠠᠨ ᠳᠣᠯᠣᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠨᠦᠭᠦᠳ ᠨᠢ ᠠᠷᠪᠠᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠳᠣᠷᠬᠠᠢ ᠲᠣᠭᠲᠠᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠭᠠᠯ ᠰᠡᠷᠭᠡᠶᠢᠯᠡᠵᠦ ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠮᠡᠳᠡᠭᠳᠡᠵᠦ᠂ ᠲᠣᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠪᠣᠯᠪᠠᠰᠤᠷᠠᠭᠤᠯᠤᠯ ᠢ ᠬᠦᠷᠲᠡᠭᠰᠡᠨ ᠪᠠᠶᠢᠬᠤ ᠬᠡᠷᠡᠭᠲᠡᠶ᠃      ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠭᠰᠠᠨ ᠳᠠᠩᠰᠠ ᠡᠪᠬᠡᠮᠡᠯ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠪᠣᠯᠬᠤ ᠣᠷᠣᠨ ᠪᠠᠶᠢᠷᠢ ᠶᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠬᠦ ᠲᠡᠮᠳᠡᠭ ᠬᠠᠳᠠᠬᠤ ᠪᠠ ᠪᠣᠰᠬᠠᠨ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃      ︵ᠭᠤᠷᠪᠠ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠢ ᠬᠡᠢ ᠶᠢᠨ ᠬᠡᠷᠡᠭᠰᠡᠯ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠤᠲᠠᠰᠤ᠂ ᠬᠤᠭᠤᠯᠠᠢ ᠱᠤᠭᠤᠮ ᠲᠠᠲᠠᠵᠤ ᠲᠠᠭᠠᠷᠠᠭᠤᠯᠬᠤ ᠳᠤ ᠡᠷᠬᠡᠪᠰᠢ ᠬᠠᠮᠢᠶ᠎ᠠ ᠪᠥᠬᠦᠢ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠪᠥᠭᠡᠳ ᠲᠣᠭᠲᠠᠮᠠᠯ ᠬᠤᠭᠤᠴᠠᠭ᠎ᠠ ᠲᠠᠢ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃      ︵ᠳᠥᠷᠪᠡ︶ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠲᠠᠷᠬᠠᠭᠠᠵᠤ ᠵᠠᠶᠢᠯᠠᠭᠤᠯᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃      ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠯᠤᠰ ᠡᠵᠡᠮᠳᠡᠭᠦᠷ᠂ ᠴᠠᠬᠢᠯᠭᠠᠨ ᠬᠡᠷᠡᠭᠰᠡᠯ ᠤᠨ ᠭᠠᠯ ᠤᠨ ᠠᠶᠤᠯ ᠢ ᠬᠢᠨᠠᠨ ᠠᠵᠢᠭᠯᠠᠬᠤ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠵᠡᠷᠭᠡ ᠮᠡᠷᠭᠡᠵᠢᠯ ᠪᠠ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠯᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ   ᠣᠯᠠᠨ ᠬᠥᠮᠥᠨ ᠠᠮᠠᠷᠬᠠᠨ ᠠᠳᠡᠵᠦ ᠰᠢᠷᠬᠠᠲᠤᠬᠤ ᠭᠠᠯ ᠤᠨ ᠠᠶᠤᠯ ᠭᠠᠷᠴᠤ ᠮᠡᠳᠡᠬᠦ ᠬᠥᠮᠥᠰ ᠴᠤᠭᠯᠠᠷᠠᠳᠠᠭ ᠭᠠᠵᠠᠷ ᠲᠠᠯᠠᠪᠤᠷ᠂ ᠠᠮᠠᠷᠬᠠᠨ ᠰᠢᠲᠠᠵᠤ ᠳᠡᠯᠪᠡᠷᠡᠬᠦ ᠪᠣᠳᠠᠰ ᠲᠠᠢ ᠨᠢᠭᠡᠴᠢ ᠪᠠ ᠦᠨᠳᠦᠷ ᠪᠠᠷᠢᠯᠭ᠎ᠠ᠂ ᠭᠠᠵᠠᠷ ᠳᠣᠣᠷᠠᠬᠢ ᠣᠯᠠᠨ ᠨᠡᠶᠢᠲᠡ ᠶᠢᠨ ᠪᠠᠷᠢᠯᠭ᠎ᠠ ᠲᠠᠢ ᠵᠡᠷᠭᠡ ᠭᠠᠯ ᠤᠨ ᠠᠶᠤᠯ ᠭᠠᠷᠬᠤ ᠲᠦᠭᠰᠢᠭᠦᠷᠢ ᠶᠡᠬᠡᠲᠡᠶ ᠨᠢᠭᠡᠴᠢ ᠨᠦᠭᠦᠳ ᠨᠢ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄        ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠵᠣᠷᠰᠢᠮᠠᠯ ᠬᠤᠷᠠᠯ ᠢ ᠲᠣᠭᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠰᠣᠳᠣᠯᠤᠨ᠂ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ ᠳᠤ ᠬᠤᠯᠪᠣᠭᠳᠠᠭᠰᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃      ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠵᠣᠷᠢᠭᠵᠢᠭᠤᠯᠵᠤ ᠪᠠᠶᠢᠭᠠᠳ ᠭᠠᠯ ᠤᠨᠲᠠᠷᠠᠭᠠᠬᠤ ᠢᠨᠵᠧᠨᠧᠷ ᠤᠨ ᠠᠵᠢᠯ ᠡᠷᠭᠢᠯᠡᠬᠦ ᠳᠠᠩᠰᠠᠯᠠᠭᠤᠯᠤᠭᠰᠠᠨ ᠬᠢᠷᠢ ᠬᠡᠮ ᠣᠯᠬᠤ ᠪᠣᠯᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠲᠠᠢ ᠬᠥᠮᠦᠨ ᠪᠠ ᠣᠨᠴᠠᠭᠠᠢ ᠠᠵᠢᠯ ᠲᠥᠷᠥᠯ ᠤᠨ ᠬᠥᠮᠦᠰ ᠲᠤ ᠡᠷᠬᠡᠪᠰᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠬᠦᠷᠲᠡᠭᠡᠬᠦ ᠬᠡᠷᠡᠭᠲᠡᠶ︔ ᠭᠠᠯ ᠤᠨᠲᠠᠷᠠᠭᠠᠬᠤ ᠠᠦ᠋ᠲ᠋ᠣ᠋ ᠪᠡᠯᠡᠳᠬᠡᠮᠵᠢ ᠶᠢ ᠣᠷᠤᠯᠳᠤᠵᠤ ᠠᠵᠢᠯᠯᠠᠭᠰᠠᠳ ᠨᠢ ᠭᠡᠷ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠭᠴᠢ ᠶᠢᠨ ᠬᠢᠷᠢ ᠬᠡᠮ ᠤᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃      ︵ᠭᠤᠷᠪᠠ︶ ᠭᠠᠯ ᠤᠨᠲᠠᠷᠠᠭᠠᠬᠤ ᠲᠤᠰᠬᠠᠶ ᠠᠩᠭᠢ ᠪᠤᠶᠤ ᠭᠠᠯ ᠤᠨᠲᠠᠷᠠᠭᠠᠬᠤ ᠪᠢᠴᠢᠯ ᠥᠷᠲᠡᠭᠡ ᠳᠤ ᠲᠤᠰ  ᠨᠢᠭᠡᠴᠢ ᠶᠢᠨ ᠢᠶᠠᠨ ᠭᠠᠯ ᠤᠨ ᠠᠶᠤᠯ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ ᠭᠠᠯ ᠰᠡᠷᠭᠡᠶᠢᠯᠡᠵᠦ ᠤᠨᠲᠠᠷᠠᠭᠠᠬᠤ ᠵᠣᠬᠢᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠲᠣᠬᠢᠷᠠᠭᠤᠯᠤᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠮ ᠨᠤᠨᠲᠠᠭ ᠪᠠ ᠡᠳ᠋ ᠪᠠᠷᠠᠭ᠎ᠠ ᠶᠢ ᠭᠦᠢᠴᠡᠳ ᠨᠥᠭᠡᠴᠡᠯᠡᠵᠦ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠭᠠᠯ ᠤᠨᠲᠠᠷᠠᠭᠠᠬᠤ ᠮᠡᠷᠭᠡᠰᠢᠯ ᠴᠢᠳᠠᠪᠤᠷᠢ ᠶᠢᠨ ᠰᠤᠷᠭᠠᠭᠤᠯᠢᠯᠠᠯ ᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠶ᠃      ︵ᠳᠥᠷᠪᠡ︶ ᠤᠯᠤᠰ ᠤᠨ ᠪᠠᠷᠢᠮᠵᠢᠶ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠵᠤ ᠭᠠᠯ ᠤᠨ ᠠᠶᠤᠯ ᠠᠴᠠ ᠵᠠᠶᠢᠯᠠᠵᠤ ᠵᠢᠭᠤᠳᠠᠬᠤ ᠪᠡᠯᠡᠳᠬᠡᠮᠵᠢ ᠲᠥᠬᠦᠭᠡᠷᠦᠮᠵᠢ ᠪᠠ ᠲᠠᠷᠬᠠᠭᠠᠨ ᠵᠠᠶᠢᠳᠠᠭᠤᠯᠬᠤ ᠶᠢ ᠬᠦᠲᠦᠯᠦᠨ ᠵᠢᠯᠣᠭᠤᠳᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ᠃      ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠳᠤ ᠦᠨᠡᠯᠡᠨ ᠵᠢᠱᠢᠬᠦ ᠳᠦᠷᠢᠮ ᠢ ᠪᠠᠶᠢᠭᠤᠯᠤᠨ᠂ ᠬᠢᠷᠢ ᠬᠡᠮ ᠲᠠᠢ ᠪᠠᠶᠢᠭᠤᠯᠤᠮᠵᠢ ᠪᠠᠷ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠬᠦ ᠠᠵᠢᠯ ᠢ ᠬᠢᠯᠭᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ︵ᠵᠢᠷᠭᠤᠭ᠎ᠠ︶ ᠭᠠᠯ ᠤᠨ ᠠᠶᠤᠯ ᠤᠨ ᠲᠠᠯ᠎ᠠ ᠪᠠᠷ ᠬᠢ ᠤᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠢ᠃      ᠠᠷᠪᠠ ᠶᠢᠰᠦᠳᠦᠭᠡᠷ ᠵᠦᠢᠯ  ᠠᠳᠠᠯᠢ ᠨᠢᠭᠡ ᠭᠡᠷ ᠪᠠᠷᠢᠯᠭ᠎ᠠ ᠶᠢ ᠬᠤᠶᠠᠷ ᠠᠴᠠ ᠢᠯᠡᠭᠦᠦ ᠨᠢᠭᠡᠴᠢ ᠬᠠᠮᠢᠶᠠᠷᠴᠤ ᠪᠠᠶᠢᠬᠤ ᠪᠤᠶᠤ ᠬᠡᠷᠡᠭᠯᠡᠵᠦ ᠪᠠᠶᠢᠪᠠᠯ᠂ ᠡᠯ᠎ᠡ ᠲᠠᠯ᠎ᠠ ᠶᠢᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠢ ᠲᠣᠳᠣᠷᠬᠠᠢ ᠲᠣᠭᠲᠠᠭᠠᠬᠤ ᠶᠢᠨ ᠬᠠᠮᠲᠤ᠂ ᠬᠠᠷᠢᠭᠤᠴᠠᠯᠭ᠎ᠠ ᠡᠭᠦᠷᠭᠡᠯᠡᠭᠴᠢ ᠶᠢ ᠲᠤᠳᠤᠷᠬᠠᠢ ᠵᠢᠭᠠᠨ ᠲᠣᠭᠲᠠᠭᠠᠵᠤ ᠬᠠᠮᠲᠤ ᠪᠠᠷ ᠠᠰᠢᠭᠯᠠᠨ ᠬᠡᠷᠡᠭᠯᠡᠵᠦ ᠪᠠᠶᠢᠭ᠎ᠠ ᠲᠠᠷᠬᠠᠭᠠᠨ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠳᠤ ᠨᠢᠭᠡᠳᠦᠯᠲᠡᠶ ᠬᠠᠮᠢᠶᠠᠷᠤᠯᠲᠠ ᠬᠢᠯᠭᠡᠬᠦ ᠬᠡᠷᠡᠭᠲᠡᠢ᠃      ᠬᠤᠷᠢᠳᠤᠭᠠᠷ ᠵᠦᠢᠯ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠶᠢ ᠬᠠᠷᠢᠭᠤᠴᠠᠵᠤ ᠪᠠᠶᠢᠭ᠎ᠠ ᠨᠢᠭᠡᠴᠢ ᠨᠦᠭᠦᠳ ᠨᠢ ᠭᠠᠯ ᠤᠨᠲᠠᠷᠠᠭᠠᠬᠤ ᠳᠤ ᠤᠰᠤ ᠬᠠᠩᠭᠠᠬᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠵᠡᠷᠭᠡ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠠ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ      ᠬᠤᠷᠢᠨ ᠨᠢᠭᠡᠳᠦᠭᠡᠷ ᠵᠦᠢᠯ  ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠨᠢ ᠠᠵᠢᠯ ᠲᠥᠷᠥᠯ ᠤᠨ ᠬᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠥᠪᠡᠷ ᠢ ᠪᠠᠨ ᠱᠠᠭᠠᠷᠳᠠᠵᠤ ᠬᠠᠮᠢᠶᠠᠷᠬᠤ ᠶᠢ ᠴᠢᠩᠭᠠᠳᠬᠠᠵᠤ᠂ ᠲᠣᠰ ᠠᠵᠢᠯ ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠠᠬᠢᠭᠤᠯᠤᠨ᠂ ᠠᠵᠢᠯ ᠲᠥᠷᠥᠯ ᠤᠨ ᠨᠢᠭᠡᠴᠢ ᠪᠠᠨ ᠬᠥᠲᠥᠯᠥᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠰᠢᠯᠭᠠᠬᠤ᠂ ᠠᠷᠠᠴᠢᠯᠠᠵᠤ ᠬᠠᠮᠠᠭᠠᠯᠠᠬᠤ ᠵᠢᠴᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠦᠨᠡᠯᠡᠨ ᠵᠢᠱᠢᠬᠦ᠂ ᠯᠠᠪᠯᠠᠯᠭ᠎ᠠ ᠥᠭᠬᠦ᠂ ᠬᠢᠨᠠᠨ ᠠᠵᠢᠭᠯᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯ ᠡᠷᠬᠢᠯᠡᠭᠰᠡᠳ ᠨᠢ ᠵᠣᠬᠢᠬᠤ ᠬᠢᠷᠢ ᠴᠢᠳᠠᠮᠵᠢ᠂ ᠬᠢᠷᠢ ᠬᠡᠮ ᠢ ᠬᠠᠤᠯᠢ ᠶᠣᠰᠣᠭᠠᠷ ᠣᠯᠣᠭᠰᠠᠨ ᠪᠠᠶᠢᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡ ᠶᠢ ᠬᠠᠤᠯᠢ ᠲᠣᠭᠲᠠᠭᠠᠯ ᠶᠣᠰᠣᠭᠠᠷ ᠬᠠᠩᠭᠠᠬᠤ ᠶᠢᠨ ᠬᠠᠮᠲᠤ᠂ ᠦᠢᠯᠡᠴᠢᠯᠡᠭᠡᠨ ᠤ ᠶᠠᠰᠤ ᠴᠢᠨᠠᠷ ᠲᠤ ᠪᠠᠨ ᠬᠠᠷᠢᠭᠤᠴᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠪᠥᠳᠥᠭᠡᠨ ᠪᠠᠶᠢᠭᠤᠯᠬᠤ ᠪᠠᠷ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠬᠤ᠂ ᠵᠢᠷᠤᠵᠦ ᠲᠥᠯᠥᠪᠯᠡᠬᠦ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠵᠡᠷᠭᠡ ᠨᠢᠭᠡᠴᠢ ᠨᠦᠭᠦᠳ ᠨᠢ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠥᠷᠢᠮ ᠪᠠ ᠪᠠᠷᠢᠯᠭ᠎ᠠ ᠪᠠᠷᠢᠵᠤ ᠪᠠᠶᠢᠭᠤᠯᠬᠤ ᠲᠠᠯ᠎ᠠ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠵᠤ᠂ ᠪᠠᠷᠢᠯᠭ᠎ᠠ ᠶᠢᠨ ᠵᠢᠷᠤᠵᠤ ᠲᠥᠯᠥᠪᠯᠡᠨ ᠠᠰᠢᠭᠯᠠᠵᠤ ᠬᠡᠷᠡᠭᠯᠡᠬᠦ ᠣᠨ ᠵᠢᠯ ᠤᠨ ᠳᠣᠲᠣᠷ᠎ᠠ ᠪᠠᠷᠢᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠪᠠᠷᠢᠭᠰᠠᠨ ᠶᠠᠰᠤ ᠴᠢᠨᠠᠷ ᠲᠤ ᠨᠠᠰᠤᠨ ᠲᠤᠷᠰᠢᠳᠠ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠣᠷᠣᠨ ᠰᠠᠭᠤᠴᠠ ᠶᠢᠨ ᠠᠳᠠᠯ ᠠᠬᠤᠢ ᠶᠢᠨ ᠥᠮᠴᠢᠲᠡᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃      ᠣᠷᠣᠨ ᠰᠠᠭᠤᠴᠠ ᠶᠢᠨ ᠠᠳᠠᠯ ᠠᠬᠤᠢ ᠳᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ ᠪᠠᠶᠢᠪᠠᠯ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠨᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠢᠯᠡᠴᠢᠯᠡᠭᠡ ᠬᠠᠩᠭᠠᠵᠤ᠂ ᠬᠠᠮᠢᠶᠠᠷᠤᠯᠲᠠ ᠶᠢᠨ ᠲᠣᠭᠤᠷᠢᠭ ᠲᠠᠬᠢ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠂ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠵᠦ ᠬᠡᠷᠡᠭᠯᠡᠭᠰᠡᠨ᠂ ᠬᠠᠰᠢᠵᠤ ᠪᠥᠭᠯᠡᠭᠰᠡᠨ᠂ ᠬᠦᠷᠢᠶᠡᠯᠡᠵᠦ ᠪᠢᠲᠡᠭᠦᠮᠵᠢᠯᠡᠭᠰᠡᠨ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠳᠬᠠᠨ ᠪᠠᠶᠢᠯᠭᠠᠬᠤ ᠪᠠ ᠬᠤᠷᠢᠭᠯᠠᠨ ᠵᠣᠭᠰᠣᠭᠠᠬᠤ ᠬᠡᠷᠡᠭᠲᠡᠢ︔ ᠢᠳᠬᠠᠨ ᠪᠠᠶᠢᠯᠭᠠᠬᠤ ᠪᠠ ᠬᠤᠷᠢᠭᠯᠠᠨ ᠵᠣᠭᠰᠣᠭᠠᠬᠤ ᠠᠵᠢᠯ ᠤᠷᠤᠭᠰᠢ ᠦᠭᠡᠢ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠳᠤᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠵᠡᠷᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠴᠠᠭᠳᠠᠨ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠤᠬᠠᠭᠤᠯᠭ᠎ᠠ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠬᠦ ᠬᠡᠷᠡᠭᠲᠡᠶ᠃      ᠣᠷᠣᠨ ᠰᠠᠭᠤᠴᠠ ᠶᠢᠨ ᠠᠳᠠᠯ ᠠᠬᠤᠶ ᠶᠢ ᠦᠮᠴᠢᠲᠡᠳ ᠥᠪᠡᠰᠦᠪᠡᠨ ᠬᠠᠮᠢᠶᠠᠷᠴᠤ ᠪᠠᠶᠢᠪᠠᠯ᠂ ᠥᠮᠴᠢᠲᠡᠳ ᠨᠢ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠪᠦᠰᠡ ᠳᠠᠬᠢ ᠬᠠᠮᠲᠤ ᠪᠠᠷ ᠬᠡᠷᠡᠭᠯᠡᠬᠦ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠲᠠᠷᠬᠠᠭᠠᠵᠤ ᠵᠠᠶᠢᠯᠠᠭᠤᠯᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠃      ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠭᠤᠣᠯ ᠴᠣᠭᠴᠠ ᠨᠤᠭᠤᠳ ᠢ ᠲᠣᠳᠣᠷᠬᠠᠶ ᠲᠣᠭᠲᠠᠭᠠᠭᠰᠠᠨ ᠦᠭᠡᠢ ᠪᠠᠶᠢᠪᠠᠯ᠂ ᠲᠡᠳᠡᠭᠡᠷ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠥᠮᠴᠢᠲᠡᠨ᠂ ᠬᠡᠷᠡᠭᠯᠡᠭᠴᠢ ᠶᠢ ᠵᠣᠬᠢᠶᠠᠨ ᠪᠠᠶᠢᠭᠤᠯᠵᠤ ᠭᠠᠯ ᠰᠡᠷᠭᠡᠶᠢᠯᠡᠬᠦ ᠵᠥᠪᠳᠡᠯᠴᠡᠬᠡᠷ ᠲᠣᠭᠲᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠨ᠂ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠲᠠᠷᠬᠠᠭᠠᠵᠤ ᠵᠠᠶᠢᠯᠠᠭᠤᠯᠬᠤ ᠨᠠᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠬᠡᠷᠡᠭᠲᠡᠶ᠃      ᠲᠠᠪᠤᠳᠤᠭᠠᠷ ᠪᠦᠯᠦᠭ   ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠨᠡᠬᠡᠮᠵᠢᠯᠡᠬᠦ     ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ ᠪᠦᠷᠢᠨᠰᠢᠭᠦᠯᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠡᠳᠦᠷ ᠲᠤᠲᠤᠮ ᠤᠨ ᠪᠠᠶᠢᠴᠠᠭᠠᠬᠤ ᠪᠠ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠶ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢ ᠵᠢᠯ ᠪᠦᠷᠢ ᠳᠣᠣᠷᠠᠳᠤ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠳᠠᠯᠢ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠢᠶᠠᠨ ᠥᠭᠴᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠ ᠤᠳᠤᠷᠢᠳᠬᠤ ᠪᠠᠭ ᠢ ᠶᠡᠷᠦᠩᠬᠡᠶᠢᠯᠡᠨ ᠰᠢᠯᠭᠠᠵᠤ ᠬᠢᠨᠠᠨ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠡᠭᠦᠨ ᠤ ᠳᠠᠭᠠᠤ ᠳᠤ᠂ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠨᠢ ᠦᠨᠡᠯᠡᠨ ᠲᠣᠭᠲᠠᠭᠠᠬᠤ᠂ ᠱᠠᠩᠨᠠᠨ ᠭᠥᠬᠢᠭᠦᠯᠵᠦ ᠵᠠᠯᠬᠠᠭᠠᠨ ᠰᠢᠢᠳᠭᠡᠬᠦ ᠯᠦᠭᠡ ᠬᠤᠯᠪᠣᠭᠳᠠᠭᠤᠯᠬᠤ ᠳᠦᠷᠢᠮ ᠢ ᠪᠠᠶᠢᠭᠤᠯᠬᠤ ᠬᠡᠷᠡᠭᠲᠡᠶ᠃      ᠡᠯ᠎ᠡ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠲᠤᠰ ᠠᠵᠢᠯ ᠲᠥᠷᠥᠯ ᠤᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ᠂ ᠵᠡᠷᠭᠡ ᠳᠡᠰ ᠪᠠ ᠣᠳᠣᠨ ᠳᠡᠰ ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠲᠤᠪᠤᠶᠢᠮ᠎ᠠ ᠠᠮᠵᠢᠯᠲᠠ ᠪᠦᠲᠦᠮᠵᠢ ᠭᠠᠷᠭᠠᠭᠰᠠᠨ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠨᠦᠭᠦᠳ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ  ᠬᠤᠯᠪᠣᠭᠳᠠᠯ ᠪᠥᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠤᠳ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠠᠯ᠎ᠠ ᠶᠢᠨ ᠢᠲᠡᠭᠡᠮᠵᠢ ᠶᠢᠨ ᠲᠥᠷᠢᠮ ᠢ ᠪᠠᠶᠢᠭᠤᠯᠤᠨ᠂ ᠨᠢᠭᠡᠴᠢ ᠨᠦᠭᠦᠳ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢ ᠦᠨᠡᠯᠡᠬᠦ᠂ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ᠂ ᠬᠡᠷᠡᠭᠯᠡᠬᠦ  ᠭᠠᠵᠠᠷ ᠢ ᠬᠢᠨᠠᠨ ᠵᠥᠪᠰᠢᠶᠡᠷᠡᠬᠦ᠂ ᠮᠥᠩᠭᠦᠨ ᠭᠦᠢᠯᠭᠡᠭᠡᠨ ᠢᠶᠠᠷ ᠲᠡᠳᠬᠦᠬᠦ᠂ ᠡᠳ᠋ ᠤᠨ ᠵᠠᠰᠠᠭ ᠠᠴᠠ ᠱᠠᠩᠨᠠᠵᠤ ᠨᠥᠬᠦᠪᠥᠷᠢᠯᠡᠬᠦ ᠵᠡᠷᠭᠡ ᠲᠠᠯ᠎ᠠ ᠪᠠᠷ ᠬᠢ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃     ᠬᠤᠷᠢᠨ ᠨᠠᠢᠮᠠᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠪᠣᠯᠵᠣᠨ ᠶᠠᠷᠢᠯᠴᠠᠬᠤ ᠲᠦᠷᠢᠮ ᠢ ᠪᠠᠶᠢᠭᠤᠯᠬᠤ ᠬᠡᠷᠡᠭᠲᠡᠢ᠃      ᠠᠶᠢᠮᠠᠭ ᠬᠤᠲᠠ ᠳᠤ ᠣᠨᠴᠠ ᠬᠦᠨᠳᠦ ᠶᠡᠭᠡ ᠭᠠᠯ ᠤᠨ ᠠᠶᠤᠯ ᠠᠳᠡᠯ᠂ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠤᠶᠤ ᠵᠢᠯ ᠤᠨ ᠳᠣᠲᠣᠷ᠎ᠠ ᠬᠤᠶᠠᠷ ᠠᠴᠠ ᠢᠯᠡᠭᠦᠦ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠠᠴᠠ ᠭᠠᠯ ᠤᠨ ᠠᠶᠤᠯ ᠭᠠᠷᠤᠭᠰᠠᠨ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ ᠶᠠᠷᠢᠯᠴᠠᠨ᠎ᠠ᠃      ᠬᠤᠰᠢᠭᠤ ᠰᠢᠶᠠᠨ ︵ᠬᠤᠲᠠ᠂ ᠲᠣᠭᠤᠷᠢᠭ︶ ᠳᠤ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠤᠶᠤ ᠵᠢᠯ ᠤᠨ ᠳᠣᠲᠣᠷ᠎ᠠ ᠨᠥᠯᠥᠭᠡ ᠶᠡᠬᠡᠲᠡᠢ ᠭᠠᠯ ᠤᠨ ᠠᠶᠤᠯ ᠠᠳᠡᠯ ᠵᠠᠯᠭᠠᠭ᠎ᠠ ᠪᠠᠷ ᠭᠠᠷᠤᠭᠰᠠᠨ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠠᠯ ᠤᠨ ᠠᠶᠤᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ ᠶᠠᠷᠢᠯᠴᠠᠬᠤ ᠬᠡᠷᠡᠭᠲᠡᠢ᠃      ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠵᠢᠯ ᠤᠨ ᠳᠣᠲᠣᠷ᠎ᠠ ᠬᠥᠮᠦᠨ ᠠᠳᠡᠭᠰᠡᠨ ᠭᠠᠯ ᠤᠨ ᠠᠶᠤᠯ ᠠᠳᠡᠯ ᠪᠤᠶᠤ ᠨᠥᠯᠥᠭᠡ ᠶᠡᠬᠡᠲᠡᠢ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠯ ᠤᠨ ᠠᠶᠤᠯ ᠭᠠᠷᠤᠭᠰᠠᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠪᠣᠯᠵᠣᠨ ᠶᠠᠷᠢᠯᠴᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠠᠵᠢᠯ ᠤᠨ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠥᠭᠡᠢ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠦᠨᠳᠦ ᠶᠡᠭᠡ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ᠂ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠤ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠭᠰᠠᠨ ᠠᠵᠢᠯ ᠳᠤ ᠪᠠᠨ ᠬᠦᠴᠦ ᠣᠷᠣᠭᠤᠯᠤᠭᠰᠠᠨ ᠦᠭᠡᠢ ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ᠂ ᠬᠤᠯᠪᠣᠭᠳᠠᠭᠰᠠᠨ ᠬᠥᠮᠦᠰ ᠠᠴᠠ ᠬᠠᠤᠯᠢ ᠪᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ  ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃      ᠭᠤᠴᠢᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠭᠡᠢ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠭᠰᠠᠨ ᠥᠭᠡᠢ ᠠᠴᠠ ᠪᠤᠯᠵᠤ ᠡᠩ ᠤᠨ ᠵᠢᠴᠢ ᠡᠭᠦᠨ ᠠᠴᠠ ᠬᠡᠴᠡᠭᠦᠦ ᠭᠠᠯ ᠤᠨ ᠠᠶᠤᠯ  ᠠᠳᠡᠯ ᠭᠠᠷᠤᠭᠰᠠᠨ ᠪᠠᠶᠢᠪᠠᠯ᠂ ᠨᠢᠭᠡᠴᠢ ᠶᠢᠨ ᠰᠢᠭᠤᠳ ᠬᠠᠷᠢᠭᠤᠴᠠᠯᠭ᠎ᠠ ᠲᠠᠢ ᠬᠥᠮᠥᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠤᠯ  ᠬᠠᠷᠢᠭᠤᠴᠠᠯᠭᠠᠲᠠᠨ ᠪᠤᠶᠤ ᠪᠣᠳᠠᠲᠠᠶ ᠡᠵᠡᠮᠳᠡᠵᠦ ᠪᠠᠶᠢᠭ᠎ᠠ ᠬᠥᠮᠥᠰ ᠤᠨ ᠬᠠᠷᠢᠭᠤᠴᠠᠯᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠨᠡᠬᠡᠮᠵᠢᠯᠡᠬᠦ ᠬᠡᠷᠡᠭᠲᠡᠶ︔ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠦᠴᠦᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠬᠠᠷᠢᠭᠤᠴᠠᠯᠭᠠᠲᠠᠨ ᠪᠠ ᠠᠵᠢᠯᠲᠠᠨ ᠠᠴᠠ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠬᠥᠮᠦᠨ ᠠᠳᠡᠭᠰᠡᠨ ᠪᠤᠶᠤ ᠨᠡᠶᠢᠭᠡᠮ ᠳᠤ ᠨᠥᠯᠥᠭᠡ ᠪᠣᠯᠣᠭᠰᠠᠨ ᠡᠩ ᠤᠨ ᠭᠠᠯ ᠤᠨ ᠠᠶᠤᠯ  ᠠᠳᠡᠯ ᠭᠠᠷᠤᠭᠰᠠᠨ ᠪᠠᠶᠢᠪᠠᠯ᠂ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠠᠳᠡᠯ ᠭᠠᠷᠤᠭᠰᠠᠨ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃ ᠣᠨᠴᠠ ᠬᠦᠨᠳᠦ ᠶᠡᠭᠡ ᠭᠠᠯ ᠤᠨ ᠠᠶᠤᠯ ᠠᠳᠡᠯ ᠭᠠᠷᠤᠭᠰᠠᠨ ᠪᠠᠶᠢᠪᠠᠯ᠂ ᠲᠣᠭᠲᠠᠭᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠷᠢᠭᠤᠴᠠᠵᠤ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃      ᠵᠢᠷᠭᠤᠳᠤᠭᠠᠷ ᠪᠦᠯᠦᠭ   ᠳᠠᠭᠠᠯᠳᠤᠭᠤᠯᠤᠯ ᠲᠦᠷᠢᠮ      ᠭᠤᠴᠢᠨ ᠬᠤᠶᠠᠳᠤᠭᠠᠷ ᠵᠦᠢᠯ  ᠦᠢᠯᠡᠳᠪᠦᠷᠢᠯᠡᠵᠦ ᠡᠵᠡᠩᠨᠡᠬᠦ ᠲᠣᠭᠲᠠᠮᠠᠯ ᠲᠠᠯᠠᠪᠤᠷ ᠭᠠᠵᠠᠷ ᠲᠠᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠦᠭᠦᠳ ᠨᠢ ᠲᠣᠰ ᠠᠷᠭ᠎ᠠ ᠪᠠᠷ ᠯᠠᠪᠯᠠᠯᠲᠠ ᠪᠣᠯᠭᠠᠵᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ  ᠭᠦᠢᠴᠡᠳᠬᠡᠬᠦ ᠬᠡᠷᠡᠭᠲᠡᠶ᠃     ᠭᠤᠴᠢᠨ ᠭᠤᠷᠪᠠᠳᠤᠭᠠᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠠᠷᠭ᠎ᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠠᠨ ᠪᠣᠳᠠᠲᠠᠶ ᠬᠡᠷᠡᠭᠵᠢᠭᠦᠯᠬᠦ ᠠᠷᠭ᠎ᠠ ᠶᠢ ᠲᠣᠭᠲᠠᠭᠠᠵᠤ ᠪᠣᠯᠤᠨ᠎ᠠ᠃      ᠭᠤᠴᠢᠨ ᠳᠥᠷᠪᠡᠳᠦᠭᠡᠷ ᠵᠦᠢᠯ  ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ