11 ᠰᠠᠷ᠎ᠡ ᠶᠢᠨ 6 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ | ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠪᠠᠶᠢᠷᠢᠯᠠᠭᠤᠯᠪᠠ︔ ᠦᠪᠡᠷᠳᠡᠭᠡᠨ ᠵᠠᠰᠬᠠᠤ ᠤᠷᠤᠨ ᠤ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠭᠤᠷᠪᠡᠨ ᠵᠢᠯ ᠤᠨ ᠠᠵᠢᠯᠯᠠᠭᠠᠨ ᠤ ᠲᠦᠰᠦᠯ᠂ ᠦᠪᠡᠷᠳᠡᠭᠡᠨ | ᠵᠠᠰᠬᠠᠤ ᠤᠷᠤᠨ ᠤ ᠦᠷ᠎ᠡ ᠶᠢᠨ ᠦᠢᠯᠡᠰ ᠢ ᠬᠦᠭᠵᠢᠬᠦᠯᠬᠦ ᠭᠤᠷᠪᠡᠨ ᠵᠢᠯ ᠤᠨ ᠠᠵᠢᠯᠯᠠᠭᠠᠨ ᠤ ᠲᠦᠰᠦᠯ ᠵᠡᠷᠭᠡ ᠵᠦᠢᠯ ᠢ ᠰᠤᠳᠤᠯᠵᠠᠢ᠃ | ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ᠤᠯᠤᠰ ᠤᠨ | ᠲᠤᠳᠤᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠡ ᠶᠢᠨ ᠦᠨᠳᠤᠷᠴᠠ ᠳᠤ ᠵᠤᠬᠰᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠨᠴᠠᠭᠠᠢ ᠴᠢᠬᠤᠯᠠ ᠴᠢᠨᠠᠷ ᠢ | ᠬᠦᠢᠴᠡᠳ ᠲᠠᠨᠢᠨ᠂ ᠦᠷᠬᠦᠯᠵᠢᠯᠡᠨ ᠲᠡᠭᠡᠳᠤ ᠬᠡᠮᠵᠢᠶᠠᠨ ᠤ ᠰᠤᠨᠤᠷ ᠰᠡᠷᠡᠮᠵᠢ ᠲᠠᠢ ᠪᠠᠶᠢᠬᠤ ᠪᠠᠨ ᠪᠠᠳᠤᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ | ︽ᠲᠦᠷᠪᠡᠨ ᠲᠠᠯ᠎ᠡ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠡ ᠡᠪᠤᠯ ᠢᠷᠡᠬᠦ ᠬᠠᠪᠤᠷ ᠤᠨ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ | ᠬᠤᠭᠤᠴᠠᠭ᠎ᠠ ᠶᠢ ᠪᠠᠳᠤ ᠰᠠᠬᠢᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ | ︽ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ︾ ᠶᠢ ᠡᠷᠡᠰ ᠭᠤᠶᠢᠪᠢᠰᠢ ᠦᠭᠡᠢ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠤ᠂ | ᠬᠢᠵᠢᠭ ᠤᠨ ᠬᠠᠯᠳᠠᠪᠤᠷᠢᠯᠡᠬᠤ ᠲᠦᠭᠰᠢᠬᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠭᠡᠷᠡᠭᠳᠠᠢ᠃ ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ | ᠲᠠᠯᠠᠪᠤᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢ | ᠨᠦᠭᠡᠴᠡᠯᠡᠬᠦ ᠪᠠ ᠪᠤᠯᠪᠠᠰᠤᠷᠠᠯ ᠰᠤᠷᠢᠯᠳᠠ ᠶᠢ ᠦᠨᠡᠨ ᠬᠦ ᠴᠢᠩᠭᠠᠳᠬᠠᠨ᠂ ᠵᠢᠩᠬᠢᠨᠢ ᠪᠠᠶᠢᠯᠳᠤᠭᠠᠨ ᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠡᠯ᠎ᠡ ᠱᠠᠳᠤᠨ ᠤ | ᠵᠢᠯᠤᠭᠤᠳᠬᠤ ᠭᠠᠵᠠᠷ ᠠᠶᠤᠯ ᠲᠦᠭᠰᠢᠬᠦᠷᠢ ᠶᠢ ᠡᠷᠳᠡ ᠠᠴᠠ ᠰᠤᠳᠤᠯᠤᠨ ᠮᠠᠭᠠᠳᠯᠠᠵᠤ᠂ ᠠᠵᠢᠯ ᠢᠶᠠᠨ ᠤᠷᠢᠳᠴᠢᠯᠡᠨ ᠲᠦᠯᠦᠪᠵᠢᠬᠦᠯᠵᠤ᠂ ᠵᠢᠵᠢᠬᠦᠷᠯᠡᠨ ᠰᠠᠬᠢᠬᠤ ᠪᠠᠨ | ᠴᠢᠩᠭᠠᠳᠬᠠᠨ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠵᠤ᠂ ᠲᠠᠶᠢᠨ ᠤ ᠦᠶ᠎ᠡ ᠶᠢᠨ ᠪᠠᠶᠢᠳᠠᠯ ᠢ ᠴᠠᠭ ᠢᠮᠠᠬᠳᠠ ᠪᠠᠳᠤᠯᠠᠨ᠂ ᠭᠤᠬᠴᠤᠭ᠎ᠠ ᠨᠢᠭᠡ ᠪᠦᠷᠢ ᠶᠢᠨ | ᠬᠠᠷᠢᠭᠤᠴᠠᠯᠭ᠎ᠠ ᠶᠢ ᠴᠦᠮ ᠪᠤᠲᠠᠲᠠᠢ ᠬᠦᠮᠦᠨ ᠳᠤ ᠬᠦᠷᠳᠡᠯ᠎ᠡ ᠨᠠᠶᠢᠳᠠᠪᠤᠷᠢᠵᠢᠭᠤᠯᠤᠨ᠂ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠮᠠᠨ ᠤ ᠤᠷᠤᠨ ᠲᠡᠯᠡᠭᠡᠢ ᠶᠢᠨ ᠰᠢᠵᠢᠷ ᠠᠯᠳᠠᠨ ᠰᠦᠨ ᠤ ᠡᠬᠢ ᠰᠤᠷᠪᠤᠯᠵᠢ ᠶᠢᠨ ᠪᠦᠰᠡ ᠳᠤ ᠤᠷᠤᠰᠢᠵᠤ᠂ ᠮᠠᠨ ᠤ ᠤᠯᠤᠰ ᠤᠨ ᠬᠠᠮᠤᠭ ᠤᠨ | ᠶᠡᠭᠡ ᠰᠦᠨ ᠤ ᠦᠢᠯᠡᠰ ᠤᠨ ᠦᠢᠯᠡᠳᠪᠤᠷᠢᠯᠡᠯ ᠤᠨ ᠤᠷᠤᠨ ᠪᠠᠶᠢᠵᠤ᠂ ᠤᠯᠤᠰ ᠤᠨ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠲᠤᠮᠳᠠᠬᠢ ᠪᠠᠶᠢᠷᠢ ᠰᠠᠭᠤᠷᠢ | ᠴᠢᠬᠤᠯᠠ ᠪᠦᠭᠡᠳ ᠬᠠᠷᠢᠭᠤᠴᠠᠯᠭ᠎ᠠ ᠴᠢᠬᠤᠯᠠ ᠶᠡᠭᠡ ᠪᠠᠶᠢᠳᠠᠭ᠃ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠤᠯᠤᠰ ᠤᠨ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠬᠠᠤ ᠤᠷᠤᠨ ᠤ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠂ ᠪᠦᠬᠦ ᠤᠯᠤᠰ | ᠤᠨ ᠰᠦᠨ ᠤ ᠦᠢᠯᠡᠰ ᠢ ᠬᠦᠭᠵᠢᠬᠦᠯᠤᠨ ᠮᠠᠨᠳᠤᠭᠤᠯᠬᠤ ᠳᠤ ᠦᠵᠡᠬᠦᠯᠪᠠᠰᠤ ᠵᠤᠬᠢᠬᠤ ᠬᠤᠪᠢ ᠨᠠᠮᠠᠷᠢ ᠪᠠᠨ ᠦᠵᠡᠭᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠦᠷ᠎ᠡ ᠶᠢᠨ ᠦᠢᠯᠡᠰ ᠪᠤᠯ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠰᠠᠭᠤᠷᠢ ᠴᠢᠨᠠᠷᠳᠠᠢ ᠭᠤᠤᠯᠯᠠᠬᠤ ᠠᠵᠤ ᠦᠢᠯᠡᠰ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ ᠲᠡᠭᠡᠭᠰᠢᠯᠡᠬᠦᠯᠤᠨ ᠤᠷᠤᠯᠭ᠎ᠠ ᠶᠢ ᠨᠠᠮᠡᠭᠳᠡᠬᠦᠯᠬᠦ ᠦᠨᠳᠤᠰᠤᠨ ᠪᠠᠳᠤᠯᠠᠭ᠎ᠠ ᠪᠤᠯᠤᠨ᠎ᠡ᠃ ᠦᠷ᠎ᠡ ᠶᠢᠨ ᠦᠢᠯᠡᠰ | ᠤᠨ ᠬᠦᠭᠵᠢᠯᠳᠠ ᠶᠢ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠠᠬᠢᠭᠤᠯᠬᠤ ᠭᠤᠤᠯᠯᠠᠬᠤ ᠪᠠᠶᠢᠷᠢᠨ ᠳᠤ ᠲᠠᠯᠪᠢᠵᠤ᠂ ᠲᠦᠷᠤ ᠶᠢᠨ ᠪᠤᠳᠤᠯᠭ᠎ᠠ᠂ ᠪᠡᠯᠡ | ᠮᠦᠡᠭᠭᠦ᠂ ᠰᠠᠭᠤᠷᠢᠨ ᠤ ᠪᠦᠳᠦᠭᠡᠨ ᠪᠠᠶᠢᠭᠤᠯᠤᠯᠳᠠ ᠵᠡᠷᠭᠡ ᠲᠠᠯ᠎ᠡ ᠪᠠᠷ ᠲᠠᠮᠵᠢᠬᠦ ᠡᠷᠴᠢᠮ ᠢᠶᠠᠨ ᠴᠢᠩᠭᠠᠷᠠᠭᠤᠯᠤᠨ᠂ ᠪᠡᠶ᠎ᠠ ᠪᠠᠨ ᠳᠠᠭᠠᠭᠠᠨ ᠰᠢᠨ᠎ᠡ ᠶᠢ ᠡᠬᠦᠳᠴᠤ᠂ | ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ ᠶᠢ ᠵᠤᠷᠢᠬᠵᠢᠭᠤᠯᠤᠨ ᠪᠠᠷᠢᠮᠳᠠᠯᠠᠵᠤ᠂ ᠮᠠᠨ ᠤ ᠤᠷᠤᠨ ᠤ ᠤᠳᠤᠬᠢᠴᠢᠯᠠᠬᠰᠡᠨ ᠦᠷ᠎ᠡ ᠶᠢᠨ ᠦᠢᠯᠡᠰ ᠤᠨ ᠰᠢᠰᠲ᠋ᠧᠮ ᠢ | ᠪᠠᠶᠢᠭᠤᠯᠤᠨ ᠪᠦᠷᠢᠨᠰᠢᠬᠦᠯᠵᠤ᠂ ᠦᠷ᠎ᠡ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ 2020 ᠣᠨ ᠤ ᠪᠡᠭᠡᠵᠢᠩ ᠦᠪᠤᠷ ᠮᠤᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠬᠦᠯᠦᠯᠳᠠ ᠶᠢ ᠰᠤᠨᠤᠰᠴᠤ᠂ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠡ ᠪᠠᠨ ᠨᠠᠷᠢᠨ ᠬᠢᠨᠠᠮᠠᠭᠠᠢ ᠡᠮᠬᠢᠯᠡᠨ | ᠰᠢᠢᠳᠪᠤᠷᠢᠯᠡᠵᠤ᠂ ᠠᠷᠭ᠎ᠠ ᠬᠡᠮᠵᠢᠶ᠎ᠡ ᠪᠠᠨ ᠤᠯᠠᠮ ᠴᠢᠨᠠᠬᠰᠢᠳᠠ ᠲᠡᠬᠦᠯᠳᠡᠷᠵᠢᠬᠦᠯᠤᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 2020 ᠣᠨ ᠤ ᠡᠯ᠎ᠡ ᠵᠦᠢᠯ | ᠤᠨ ᠬᠠᠷᠠᠯᠳᠠ ᠡᠬᠦᠷᠭᠡ ᠪᠠᠨ ᠴᠢᠨᠠᠷ ᠰᠠᠶᠢᠳᠠᠢ ᠪᠠᠶᠠᠯᠡᠬᠦᠯᠤᠨ᠂ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠭᠤᠷᠪᠡᠨ ᠵᠢᠯ ᠤᠨ | ᠠᠵᠢᠯᠯᠠᠭᠠᠨ ᠤ ᠲᠡᠬᠦᠰ ᠠᠮᠵᠢᠯᠳᠠᠳᠠᠢ ᠰᠡᠬᠦᠯ ᠬᠤᠷᠢᠶᠠᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |