ᠪᠠᠶᠠᠨᠨᠠᠭᠤᠷ ᠬᠤᠲᠠ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠵᠠᠬ᠎ᠠ ᠳᠡᠯᠭᠡᠭᠦᠷ ᠤᠨ ᠲᠤᠰᠬᠠᠢ ᠵᠦᠢᠯ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2020/12/10

      ᠪᠠᠶᠠᠨᠨᠠᠭᠤᠷ ᠬᠤᠲᠠ ᠶᠢᠨ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠨᠡᠨ ᠬᠦ ᠴᠢᠩᠭᠠᠳᠬᠠᠨ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠳ᠋ᠰᠢᠭᠦᠯᠦᠨ ᠪᠣᠷᠤᠯᠠᠭᠤᠯᠬᠤ ᠠᠷᠭ᠎ᠠ ᠵᠠᠮ ᠢᠶᠠᠷ ᠳᠠᠮᠵᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠣᠷᠣᠵᠤ ᠳᠡᠯᠭᠡᠷᠡᠬᠦ ᠶᠢ ᠰᠡᠷᠭᠡᠶᠢᠯᠡᠬᠦ ᠶᠢᠨ ᠲᠦᠯᠦᠭᠡ᠂ ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠥᠮᠦᠨ︾ ︽ᠪᠣᠳᠠᠰ︾ ᠢ ᠵᠡᠷᠭᠡ ᠪᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ ᠪᠠᠶᠢᠨ᠎ᠠ᠃
     ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠦᠢᠲᠡᠨ ᠬᠡᠯᠬᠢᠶᠡᠲᠦ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ᠂ ᠬᠠᠳᠠᠭᠠᠯᠠᠯᠲᠠ ᠶᠢᠨ ᠡᠯ᠎ᠡ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠠᠷᠢᠭᠤᠳᠬᠠᠬᠤ ᠨᠢᠭᠡᠴᠢ ᠠᠴᠠ ᠬᠢᠵᠦ ᠦᠭᠭᠦᠭᠰᠡᠨ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠪᠠ ᠡᠳ᠋ ᠪᠠᠷᠠᠭ᠎ᠠ ᠶᠢ ᠠᠷᠢᠭᠤᠳᠬᠠᠭᠰᠠᠨ ᠭᠡᠷᠡᠴᠢ ᠶᠢ ᠬᠠᠩᠭᠠᠵᠤ ᠳᠡᠶᠢᠯᠬᠦ ᠦᠭᠡᠶ ᠪᠣᠯ᠂ ᠵᠠᠬ᠎ᠠ ᠳᠡᠯᠭᠡᠭᠦᠷ ᠲᠤ ᠭᠠᠷᠭᠠᠨ ᠪᠣᠷᠤᠯᠠᠭᠤᠯᠬᠤ ᠶᠢ ᠣᠭᠲᠤ ᠵᠦᠪᠰᠢᠶᠡᠷᠡᠬᠦ ᠦᠭᠡᠢ ᠪᠣᠯᠵᠠᠢ᠃ ᠪᠠᠶᠠᠨᠨᠠᠭᠤᠷ ᠬᠤᠲᠠ ᠵᠠᠬ᠎ᠠ ᠳᠡᠯᠭᠡᠭᠦᠷ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠴᠠᠭ ᠲᠤᠬᠠᠢ ᠳᠤ ᠨᠢ ᠥᠷᠨᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠂ ᠭᠤᠷᠪᠠᠳᠠᠬᠢ ᠡᠲᠡᠭᠡᠳ ᠤᠨ ᠬᠦᠢᠲᠡᠨ ᠬᠥᠮᠥᠷᠭᠡ ᠶᠢᠨ ᠳᠠᠩᠰᠠᠯᠠᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠮᠦᠷᠳᠡᠨ ᠬᠠᠮᠢᠶᠠᠷᠬᠤ ᠠᠵᠢᠯ ᠢ ᠴᠢᠩᠭᠠᠳᠬᠠᠵᠤ᠂ ᠢᠷᠡᠯᠲᠡ ᠶᠢ ᠨᠢ ᠪᠠᠶᠢᠴᠠᠭᠠᠵᠤ ᠪᠣᠯᠬᠤ᠂ ᠴᠢᠭᠯᠡᠯ ᠢ ᠨᠢ ᠮᠦᠷᠳᠡᠵᠦ ᠪᠣᠯᠬᠤ ᠶᠢ ᠪᠡᠶᠡᠯᠡᠭᠦᠯᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ