ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ  ᠶᠡᠭᠡ ᠬᠤᠷᠠᠯ ᠬᠥᠬᠡᠬᠤᠲᠠ ᠳᠤ ᠬᠤᠷᠠᠯᠳᠤᠪᠠ      ᠱᠢ ᠲᠠᠢ ᠹᠧᠩ ᠶᠠᠷᠢᠶ᠎ᠠ ᠲᠠᠯᠪᠢᠵᠦ  ᠪᠦ᠋ ᠰᠢᠶᠤᠤ ᠯᠢᠨ ᠬᠤᠷᠠᠯ ᠢ ᠡᠷᠬᠢᠯᠡᠵᠦ  ᠯᠢ ᠰᠢᠤ ᠯᠢᠩ ᠣᠷᠣᠯᠴᠠᠵᠠᠢ
ᠨᠡᠶᠢᠲᠡᠯᠡᠭᠰᠡᠨ ᠴᠠᠭ᠄
2020/12/11

     12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠪᠦᠬᠦ ᠣᠷᠣᠨ ᠤ ᠡᠯ᠎ᠡ ᠠᠵᠢᠯ ᠲᠥᠷᠥᠯ ᠠᠴᠠ ᠴᠣᠯᠭᠤᠷᠠᠨ ᠭᠠᠷᠤᠭᠰᠠᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ

ᠲᠠᠯᠪᠢᠪᠠ᠃
     ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠶᠡᠭᠡ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠰᠢᠤ ᠯᠢᠩ᠂ ᠯᠢᠦ ᠴᠢ ᠹᠠᠨ᠂ ᠪᠠᠶ ᠢᠦᠶ ᠭᠠᠩ᠂ ᠵᠠᠩ ᠱᠣᠤ ᠴᠦᠨ᠂ ᠡᠤ ᠲᠤᠸᠠᠨ ᠶᠢᠩ᠂ ᠠᠶ ᠯᠢ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃


     ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ ᠲᠥᠯᠥᠭᠡᠯᠡᠨ᠂ ᠬᠥᠬᠢᠭᠦᠯᠦᠭᠳᠡᠨ ᠰᠠᠶᠢᠰᠢᠶᠠᠬᠳᠠᠭᠰᠠᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠲᠤ ᠪᠠᠶᠠᠷ ᠬᠦᠷᠭᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠵᠢᠯᠴᠢᠨ᠂ ᠮᠠᠯᠴᠢᠨ ᠲᠠᠷᠢᠶᠠᠴᠢᠨ᠂ ᠰᠡᠬᠡᠭᠡᠲᠡᠨ ᠪᠠ ᠪᠤᠰᠤᠳ ᠡᠯ᠎ᠡ ᠠᠩᠬᠢ ᠳᠠᠪᠬᠤᠷᠭ᠎ᠠ ᠶᠢᠨ ᠬᠥᠳᠡᠯᠮᠦᠷᠢᠴᠢᠨ ᠲᠦᠮᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠤᠢᠢᠷ᠎ᠠ ᠶᠢᠨ ᠵᠢᠯ ᠳᠤ᠂ ᠪᠦᠬᠦ ᠣᠷᠣᠨ ᠤ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠲᠦ ᠲᠠᠶᠢᠯᠠᠯᠳᠤᠭᠠᠨ ᠬᠢᠬᠦ ᠳᠤ ᠭᠤᠤᠯ ᠬᠦᠴᠦᠨ ᠴᠡᠷᠢᠭ ᠤᠨ ᠦᠢᠯᠡᠳᠦᠯ ᠭᠠᠷᠭᠠᠵᠤ᠂ ᠣᠶᠤᠨ ᠤᠬᠠᠭᠠᠨ ᠪᠠ ᠬᠦᠴᠦ ᠬᠥᠯᠥᠰᠥ ᠪᠠᠷ ᠢᠶᠠᠨ ᠬᠠᠨᠭ᠍ᠭᠢᠨᠠᠮ᠎ᠠ ᠵᠢᠪᠬᠤᠭᠠᠲᠠᠢ᠂ ᠰᠡᠳᠬᠢᠯ ᠬᠥᠳᠡᠯᠭᠡᠮ᠎ᠡ ᠰᠦᠷᠯᠢᠭ ᠰᠠᠶᠢᠬᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ ᠪᠢᠴᠢᠭᠯᠡᠪᠡ᠃ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠪᠦᠬᠦ ᠣᠷᠣᠨ ᠤ ᠡᠯ᠎ᠡ ᠠᠵᠢᠯ ᠲᠥᠷᠥᠯ ᠤᠨ ᠬᠥᠳᠡᠯᠮᠦᠷᠢᠴᠢᠨ ᠲᠦᠮᠡᠨ ᠤ ᠭᠠᠷᠮᠠᠭᠠᠶ ᠲᠥᠯᠥᠭᠡᠯᠡᠭᠴᠢ ᠪᠣᠯᠤᠨ᠎ᠠ᠂ ᠤᠯᠠᠨ ᠤ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠣᠷᠢᠭ ᠰᠠᠨᠠᠭ᠎ᠠ ᠬᠥᠮᠦᠰ ᠤᠨ ᠰᠡᠳᠬᠢᠯ ᠢ ᠬᠦᠳᠡᠯᠭᠡᠵᠦ᠂ ᠤᠷᠤᠬᠰᠢ ᠲᠠᠪᠰᠢᠬᠤ ᠶᠢ ᠵᠤᠷᠢᠬᠵᠢᠭᠤᠯᠵᠦ ᠪᠠᠶᠢᠨ᠎ᠠ ᠭᠡᠪᠡ᠃
     ᠱᠢ ᠲᠠᠢ ᠹᠧᠩ᠂ ᠤᠳᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭ᠎ᠠ ᠤᠳᠠᠯ ᠦᠭᠡᠢ ᠰᠡᠭᠦᠯ ᠬᠤᠷᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠲᠡᠦᠬᠡ ᠶᠢᠨ ᠰᠢᠨ᠎ᠡ ᠭᠠᠷᠤᠭ᠎ᠠ ᠳᠤ ᠥᠪᠥᠷ ᠮᠣᠩᠭᠤᠯ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ᠂ ᠪᠦᠬᠦ ᠣᠷᠣᠨ ᠳᠠᠶᠠᠭᠠᠷ ᠢᠶᠠᠨ ᠦᠨᠡᠨ ᠬᠦ ᠠᠳᠬᠤᠨ ᠪᠣᠳᠠᠲᠠᠢ ᠠᠵᠢᠯᠯᠠᠨ᠂ ᠦᠷᠭᠦᠯᠵᠢᠯᠡᠨ ᠲᠡᠮᠡᠴᠡᠵᠦ᠂ ᠬᠠᠮᠲᠤ ᠪᠠᠷ ᠴᠢᠷᠮᠠᠶᠢᠬᠤ ᠴᠢᠬᠤᠯᠠᠳᠠᠢ᠃ ᠪᠦᠬᠦ ᠣᠷᠣᠨ ᠤ ᠠᠵᠢᠯᠴᠢᠨ ᠠᠩᠭᠢ ᠪᠠ ᠥᠷᠭᠡᠨ ᠣᠯᠠᠨ ᠬᠥᠳᠡᠯᠮᠦᠷᠢᠴᠢᠨ ᠲᠦᠮᠡᠨ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠴᠣ ᠰᠢᠨ᠎ᠡ ᠡᠵᠡᠨ ᠬᠥᠮᠦᠨ ᠤ ᠣᠪᠣᠷ᠂ ᠭᠠᠷᠮᠠᠭᠠᠶ ᠬᠥᠳᠡᠯᠮᠦᠷᠢ ᠶᠢᠨ ᠡᠭᠦᠳᠦᠨ ᠪᠦᠲᠦᠭᠡᠯᠲᠡ᠂ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠵᠣᠷᠢᠭ ᠰᠠᠨᠠᠭ᠎ᠠ ᠪᠠᠷ ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠣᠷᠭᠢᠯᠤᠮ᠎ᠠ ᠰᠡᠳᠬᠢᠯ ᠢᠶᠠᠷ ᠦᠢᠯᠡᠰ ᠪᠦᠳᠦᠭᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠪᠠᠷ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠭᠡᠷᠡᠭᠳᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ ᠶᠢ ᠨᠠᠩ ᠤᠬᠠᠮᠰᠠᠷ ᠠᠴᠠ ᠪᠠᠨ ᠪᠡᠶᠡᠯᠡᠭᠦᠯᠤᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ ᠤᠷᠤᠭᠰᠢᠯᠠᠬᠤ ᠭᠡᠷᠡᠭᠳᠠᠢ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠬᠢᠭᠤᠯᠤᠭᠴᠢ᠂ ᠰᠢᠨ᠎ᠡ ᠶᠢ ᠡᠭᠦᠳᠬᠦ ᠦᠢᠯᠡᠰ ᠪᠤᠰᠬᠠᠬᠤ ᠡᠭᠦᠳᠦᠨ ᠪᠦᠲᠦᠭᠡᠯᠲᠡ ᠶᠢᠨ ᠬᠤᠰᠢᠭᠤᠴᠢ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠠᠬᠢᠭᠤᠯᠤᠭᠴᠢ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠤᠨ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ᠮᠠᠨ ᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠭᠡᠷᠡᠭᠳᠠᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠵᠤᠷᠢᠬᠵᠢᠭᠤᠯᠵᠤ ᠴᠠᠭ ᠦᠶ᠎ᠡ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠭᠠᠷᠭᠠᠬᠤ ᠶᠢ ᠬᠦᠳᠤᠯᠤᠨ ᠲᠠᠭᠠᠭᠤᠯᠬᠤ ᠬᠡᠷᠡᠭᠲᠡᠢ᠃ ᠲᠠᠰᠤᠷᠠᠯᠲᠠ ᠦᠭᠡᠢ ᠰᠢᠨ᠎ᠡ ᠮᠡᠳᠡᠯᠭᠡ ᠡᠵᠡᠮᠰᠢᠵᠦ᠂ ᠰᠢᠨ᠎ᠡ ᠤᠷ᠎ᠠ ᠴᠢᠳᠠᠪᠤᠷᠢ ᠶᠢ ᠡᠵᠡᠮᠰᠢᠨ᠂ ᠰᠢᠨ᠎ᠡ ᠴᠢᠳᠠᠪᠤᠷᠢ ᠪᠠᠨ ᠳᠡᠭᠡᠭᠰᠢᠯᠡᠭᠦᠯᠵᠦ᠂ ᠮᠡᠳᠡᠯᠭᠡ ᠶᠢᠨ ᠬᠡᠯᠪᠡᠷᠢ ᠶᠢᠨ ᠠᠵᠢᠯᠲᠠᠨ ᠠᠵᠢᠯᠴᠢᠨ᠂ ᠮᠡᠷᠭᠡᠵᠢᠯ ᠤᠨ ᠴᠢᠳᠠᠪᠤᠷᠢᠲᠠᠨ᠂ ᠬᠠᠮ ᠬᠡᠯᠪᠡᠷᠢ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠬᠥᠳᠡᠯᠮᠦᠷᠢᠴᠢᠳ ᠤᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠬᠥᠳᠡᠯᠮᠦᠷᠢ ᠶᠢᠨ ᠵᠢᠱᠢᠶᠡᠴᠢ ᠶᠢᠨ ᠠᠵᠢᠯ ᠢ ᠴᠢᠬᠤᠯᠠᠴᠢᠯᠠᠨ ᠴᠢᠩᠭᠠᠳᠬᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠤᠨ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠤᠨ᠂ ᠬᠥᠳᠡᠯᠮᠦᠷᠢᠴᠢᠳ ᠢ ᠨᠡᠩ ᠪᠠᠲᠤᠯᠠᠭ᠎ᠠ ᠲᠠᠢ᠂ ᠨᠡᠩ ᠨᠡᠷ᠎ᠡ ᠬᠦᠨᠳᠦ ᠲᠠᠢ ᠪᠣᠯᠭᠠᠬᠤ ᠭᠡᠷᠡᠭᠳᠠᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠬᠦ ᠦᠨᠳᠦᠰᠦᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ ᠥᠷᠭᠡᠨ ᠣᠯᠠᠨ ᠠᠵᠢᠯᠲᠠᠨ ᠠᠵᠢᠯᠴᠢᠨ ᠢ ᠳᠠᠭᠠᠭᠤᠯᠤᠨ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠦ ᠦᠭᠬᠦ ᠬᠡᠷᠡᠭᠲᠡᠶ ᠭᠡᠵᠦ ᠵᠢᠭᠠᠵᠦ ᠭᠠᠷᠭᠠᠪᠠ᠃
     ᠪᠦ᠋ ᠰᠢᠶᠣᠤ ᠯᠢᠨ᠂ ᠪᠦᠬᠦ ᠣᠷᠣᠨ ᠳᠠᠶᠠᠭᠠᠷ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠵᠤ᠂ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠥᠨᠳᠥᠷ ᠬᠡᠪ ᠪᠤᠯᠪᠠᠰᠤᠷᠠᠯ ᠲᠠᠢ ᠬᠥᠳᠡᠯᠮᠦᠷᠢ ᠶᠢᠨ ᠶᠡᠭᠡ ᠴᠡᠷᠢᠭ ᠢ ᠴᠢᠷᠮᠠᠶᠢᠨ ᠪᠠᠶᠢᠭᠤᠯᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠶᠡᠭᠡ ᠪᠠᠷ ᠤᠬᠠᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ᠂ ᠬᠥᠳᠡᠯᠮᠦᠷᠢ ᠶᠢᠨ ᠦᠯᠢᠭᠡᠷ᠂ ᠤᠷᠠᠨ ᠳᠠᠷᠬᠠᠨ ᠤ ᠦᠯᠢᠭᠡᠷ ᠢ ᠰᠠᠶᠢᠲᠤᠷ ᠶᠠᠷᠢᠵᠤ᠂ ᠬᠥᠳᠡᠯᠮᠦᠷᠢ ᠬᠠᠮᠤᠭ ᠤᠨ ᠦᠡᠭᠭᠡ ᠭᠡᠷᠡᠯᠲᠡᠢ᠂ ᠬᠥᠳᠡᠯᠮᠦᠷᠢ ᠬᠠᠮᠤᠭ ᠤᠨ ᠡᠷᠬᠢᠮ ᠳᠡᠭᠡᠳᠦ᠂ ᠬᠥᠳᠡᠯᠮᠦᠷᠢ ᠬᠠᠮᠤᠭ ᠤᠨ ᠠᠭᠤᠤ ᠶᠡᠭᠡ᠂ ᠬᠥᠳᠡᠯᠮᠦᠷᠢ ᠬᠠᠮᠤᠭ ᠤᠨ ᠰᠠᠶᠢᠬᠠᠨ ᠭᠡᠬᠦ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠦ᠂ ᠪᠥᠬᠦ ᠣᠷᠣᠨ ᠤ ᠥᠷᠭᠡᠨ ᠣᠯᠠᠨ ᠬᠥᠳᠡᠯᠮᠦᠷᠢᠴᠢᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃


     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠴᠠ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ ᠬᠥᠳᠡᠯᠮᠦᠷᠢ ᠶᠢᠨ ᠵᠢᠱᠢᠶᠡᠴᠢ ᠹᠦ᠋ ᠱᠣᠣ ᠴᠢᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠲᠥᠯᠥᠭᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠠᠢ᠃


     ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠠᠵᠢᠯ ᠤᠨ ᠪᠡᠯᠡᠳᠬᠡᠯ ᠺᠣᠮᠢᠰ ᠤᠨ ᠪᠦᠷᠢᠯᠳᠦᠬᠦᠨ ᠨᠢᠭᠡᠴᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠦᠢᠯᠡᠰ ᠤᠨ ᠠᠵᠢᠯᠴᠢᠨ ᠤ ᠡᠪᠯᠡᠯ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠬᠥᠬᠡᠬᠤᠲᠠ ᠳᠤ ᠪᠠᠶᠢᠭ᠎ᠠ 2020 ᠣᠨ ᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠤᠲᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ ᠬᠤᠷᠠᠯ ᠢ ᠸᠢᠲᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃

ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ