ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ ᠶᠡᠷᠦᠩᠭᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠲᠤᠬᠠᠢ ᠴᠢᠬᠤᠯᠠ ᠦᠬᠦᠯᠡᠯᠳᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠦ ᠰᠠᠨᠠᠯ ᠢᠶᠠᠨ ᠰᠤᠯᠢᠯᠴᠠᠪᠠ    ᠱᠢ ᠲᠠᠢ ᠹᠧᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/12/14
     12 ᠰᠠᠷ᠎ᠠ ᠶᠢᠨ 11᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠠᠩ 2020 ᠣᠨ ᠤ ᠠᠷᠪᠡᠨ ᠬᠤᠶᠠᠳᠤᠭᠠᠷ ᠤᠳᠠᠭ᠎ᠠ ᠶᠢᠨ ᠬᠠᠮᠳᠦ ᠶᠢᠨ ᠰᠤᠷᠤᠯᠴᠠᠯᠭ᠎ᠠ ᠬᠢᠵᠦ᠂ ᠶᠡᠷᠦᠩᠭᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠲᠤᠬᠠᠢ ᠴᠢᠬᠤᠯᠠ ᠦᠬᠦᠯᠡᠯᠳᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠦ ᠰᠠᠨᠠᠯ ᠢᠶᠠᠨ ᠰᠤᠯᠢᠯᠴᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠳᠦ ᠶᠢᠨ ᠰᠤᠷᠤᠯᠴᠠᠯᠭ᠎ᠠ ᠶᠢ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠠᠢ᠃      ᠬᠠᠮᠳᠦ ᠶᠢᠨ ᠰᠤᠷᠤᠯᠴᠠᠯᠭ᠎ᠠ ᠳᠡᠭᠡᠷ᠎ᠠ᠂ ᠯᠢᠨ ᠱᠤᠤ ᠴᠦᠨ᠂ ᠸᠠᠩ ᠯᠢ ᠰᠢᠶᠠ᠂ ᠪᠠᠢ ᠢᠤᠢ ᠭᠠᠩ᠂ ᠮᠧᠩ ᠹᠠᠨ ᠯᠢ᠂ ᠳ᠋ᠤᠸᠠᠨ ᡁᠢ ᠴᠢᠶᠠᠩ᠂ ᠵᠠᠩ ᠡᠸ᠋ᠨ ᠬᠤᠢ᠂ ᠵᠧᠩ ᠬᠤᠩ ᠹᠠᠨ ᠦᠪᠡᠷ ᠤᠨ ᠢᠶᠠᠨ ᠦᠵᠡᠯ ᠰᠠᠨᠠᠭ᠎ᠠ ᠪᠠ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠦᠭᠡ ᠭᠡᠯᠡᠵᠦ᠂ ᠤᠯᠤᠯᠳᠠ ᠲᠦᠷᠦᠭᠳᠡᠯ ᠢᠶᠠᠨ ᠰᠤᠯᠢᠯᠴᠠᠨ᠂ ᠰᠠᠨᠠᠯ ᠰᠠᠨᠠᠭᠤᠯᠭ᠎ᠠ ᠳᠤᠷᠠᠳᠪᠠ᠃ ᠭᠤᠤᠯ ᠲᠤᠭᠤᠢᠢᠯᠠᠩ ᠤᠨ ᠪᠤᠰᠤᠳ ᠪᠦᠷᠢᠯᠳᠦᠬᠦᠨ ᠪᠢᠴᠢᠭ ᠢᠶᠠᠷ ᠶᠠᠷᠢᠶ᠎ᠠ ᠲᠠᠯᠪᠢᠪᠠ᠃      ᠱᠢ ᠲᠠᠢ ᠹᠧᠩ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠢᠮᠠᠬᠳᠠ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠶᠡᠷᠦᠩᠭᠡᠢ ᠱᠦᠵᠢ ᠰᠢ ᠶᠢᠨ ᠫᠢᠩ ᠠᠯᠢ ᠤᠯᠠᠨ ᠴᠢᠬᠤᠯᠠ ᠶᠠᠷᠢᠶ᠎ᠠ ᠲᠠᠯᠪᠢᠨ᠂ ᠠᠯᠢ ᠤᠯᠠᠨ ᠴᠢᠬᠤᠯᠠ ᠵᠢᠭᠠᠪᠤᠷᠢ ᠦᠭᠴᠦ᠂ ᠰᠢᠨ᠎ᠠ ᠪᠠᠶᠢᠳᠠᠯ ᠳᠤᠤᠷᠠᠬᠢ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠴᠢᠭᠯᠡᠯᠳᠦ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠰᠠᠭᠤᠳᠠᠯ ᠳᠤ ᠬᠦᠨᠵᠡᠭᠡᠢ ᠬᠠᠷᠢᠭᠤᠯᠳᠠ ᠦᠭᠴᠦ᠂ ᠪᠢᠳᠠᠨ ᠤ ᠰᠢᠨ᠎ᠠ ᠪᠠᠶᠢᠳᠠᠯ ᠳᠤᠤᠷᠠᠬᠢ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠰᠠᠶᠢᠳᠤᠷ ᠬᠢᠬᠦ ᠳᠤ ᠬᠦᠴᠦᠳᠠᠢ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠬᠦᠷ ᠬᠠᠩᠭᠠᠵᠠᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠤᠳᠤᠷᠢᠳᠬᠤ ᠺᠠᠳ᠋ᠷ ᠶᠡᠷᠦᠩᠭᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠲᠤᠬᠠᠢ ᠴᠢᠬᠤᠯᠠ ᠦᠬᠦᠯᠡᠯᠳᠠ ᠶᠢ ᠬᠦᠨᠵᠡᠭᠡᠢ ᠰᠤᠷᠤᠯᠴᠠᠨ ᠡᠵᠡᠮᠰᠢᠵᠦ᠂ ᠦᠵᠡᠯ ᠰᠠᠨᠠᠭᠠᠨ ᠤ ᠠᠭᠤᠯᠤᠬᠳᠠᠬᠤᠨ᠂ ᠵᠤᠷᠢᠭ ᠰᠠᠨᠠᠭᠠᠨ ᠤ ᠮᠦᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠨ᠂ ᠡᠬᠦᠨ ᠳᠤ ᠲᠤᠭᠤᠰᠢᠯᠠᠬᠳᠠᠵᠦ ᠪᠠᠶᠢᠭ᠎ᠠ ᠮᠡᠷᠺᠰ ᠤᠨ ᠦᠵᠡᠯ ᠤᠨ ᠵᠤᠬᠰᠤᠯᠳᠠ᠂ ᠦᠵᠡᠯᠳᠠ ᠪᠠ ᠠᠷᠭ᠎ᠠ ᠶᠢ ᠴᠢᠷᠮᠠᠶᠢᠨ ᠡᠵᠡᠮᠰᠢᠵᠦ᠂ ᠰᠠᠶᠢᠳᠤᠷ ᠤᠢᠢᠯᠠᠭᠠᠨ ᠲᠤᠭᠤᠷᠠᠳᠠᠯ᠎ᠠ ᠮᠡᠳᠡᠵᠦ ᠪᠤᠳᠠᠳᠠᠢ ᠬᠢᠬᠦ ᠲᠠᠯ᠎ᠠ ᠪᠠᠷ ᠳᠠᠰᠤᠷᠠᠯᠳᠠ ᠦᠭᠡᠢ ᠰᠢᠨ᠎ᠠ ᠠᠬᠢᠯᠳᠠ ᠲᠠᠢ ᠪᠤᠯᠵᠦ ᠰᠢᠨ᠎ᠠ ᠠᠮᠵᠢᠯᠳᠠ ᠭᠠᠷᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠱᠢ ᠲᠠᠢ ᠹᠧᠩ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠤᠯ ᠨᠠᠮ ᠤᠨ ᠲᠦᠢᠯ ᠤᠨ ᠴᠢᠬᠤᠯᠠ ᠠᠵᠢᠯ ᠮᠦᠨ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠦᠨ᠂ ᠤᠯᠤᠰ ᠲᠦᠷᠦ ᠶᠢᠨ ᠰᠤᠨᠤᠷ ᠰᠡᠷᠡᠮᠵᠢ ᠲᠠᠢ ᠪᠠᠶᠢᠵᠦ᠂ ᠨᠠᠷᠢᠨ ᠪᠤᠳᠤᠯᠢᠶᠠᠨᠳᠠᠢ ᠪᠠᠶᠢᠳᠠᠯ ᠪᠠ ᠬᠦᠨᠳᠦ ᠨᠦᠰᠡᠷ ᠡᠬᠦᠷᠭᠡ ᠶᠢ ᠳᠤᠳᠤᠷᠬᠠᠢ ᠲᠠᠨᠢᠨ᠂ ᠠᠵᠢᠯ ᠤᠨ ᠳᠤᠮᠳᠠᠬᠢ ᠠᠰᠠᠭᠤᠳᠠᠯ ᠪᠠ ᠵᠦᠷᠢᠶ᠎ᠠ ᠪᠠᠨ ᠳᠤᠳᠤᠷᠬᠠᠢ ᠲᠠᠨᠢᠵᠦ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠰᠠᠶᠢᠳᠤᠷ ᠬᠢᠬᠦ ᠬᠠᠷᠢᠭᠤᠴᠠᠯᠭᠠᠳᠦ ᠰᠡᠳᠬᠢᠯᠭᠡ ᠡᠬᠦᠷᠭᠡᠳᠦ ᠪᠤᠳᠤᠯ ᠲᠤᠯᠭᠠᠮ ᠰᠡᠳᠬᠢᠯᠭᠡ ᠪᠠᠨ ᠤᠯᠠᠮ ᠴᠢᠩᠭᠠᠳᠬᠠᠨ᠂ ᠰᠤᠯᠠᠷᠠᠰᠢ ᠦᠭᠡᠢ ᠴᠢᠩᠭ᠎ᠠ ᠠᠳᠬᠤᠵᠦ᠂ ᠤᠬᠳᠤ ᠠᠯᠮᠠᠶᠢᠷᠠᠨ ᠴᠠᠯᠠᠭᠠᠢᠢᠷᠠᠬᠤ ᠦᠭᠡᠢ ᠪᠠᠶᠢᠬᠤ ᠬᠡᠷᠡᠭᠳᠠᠢ᠃ ᠬᠦᠴᠦᠷᠬᠡᠭ ᠶᠡᠭᠡ ᠨᠢᠬᠳᠠᠷᠠᠭᠤᠯᠬᠤ ᠬᠦᠴᠦ ᠪᠠ ᠬᠦᠳᠦᠯᠦᠨ ᠳᠠᠭᠠᠭᠤᠯᠬᠤ ᠬᠦᠴᠦ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠪᠠᠷ ᠴᠢᠩᠭ᠎ᠠ ᠭᠤᠤᠯᠳᠠᠭᠤᠯᠵᠦ᠂ ᠤᠯᠤᠰ ᠲᠦᠷᠦ ᠶᠢᠨ ᠴᠢᠭᠯᠡᠯ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠨ᠂ ᠰᠠᠭᠤᠷᠢ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠢᠯ ᠳᠤ ᠬᠦᠴᠦ ᠤᠷᠤᠭᠤᠯᠵᠦ᠂ ᠵᠠᠩᠬᠢᠯᠠᠭ᠎ᠠ ᠶᠢᠨ ᠭᠠᠵᠠᠷ᠂ ᠴᠢᠬᠤᠯᠠ ᠭᠠᠵᠠᠷ ᠲᠤ ᠬᠦᠴᠦ ᠤᠷᠤᠭᠤᠯᠤᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠨ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠡᠯ᠎ᠠ ᠵᠦᠢᠯ ᠤᠨ ᠠᠵᠢᠯ ᠢ ᠬᠦᠨᠵᠡᠭᠡᠢ ᠪᠦᠭᠡᠳ ᠯᠠᠪᠳᠠᠭᠤᠨ ᠪᠠᠳᠤᠳᠠᠢ ᠬᠢᠬᠦ ᠭᠡᠷᠡᠭᠲᠡᠢ᠃ ᠤᠨᠤᠯ ᠢᠶᠠᠷ ᠵᠡᠪᠰᠡᠭᠯᠡᠬᠦ ᠠᠵᠢᠯ ᠢ ᠦᠷᠬᠦᠯᠵᠢᠯᠡᠨ ᠬᠦᠨᠵᠡᠭᠡᠶᠢᠷᠡᠬᠦᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠨ᠂ ᠠᠷᠠᠳ ᠲᠦᠮᠡᠨ ᠢ ᠬᠦᠮᠦᠵᠢᠬᠦᠯᠬᠦ ᠶᠢ ᠴᠦᠬᠦᠷᠡᠰᠢ ᠦᠭᠡᠢ ᠪᠠᠷᠢᠮᠳᠠᠯᠠᠬᠤ ᠭᠡᠷᠡᠭᠲᠡᠢ᠃ ᠵᠦᠪ ᠲᠠᠯ᠎ᠠ ᠶᠢᠨ ᠤᠬᠠᠭᠤᠯᠭ᠎ᠠ ᠶᠢ ᠪᠤᠵᠠᠭᠠᠢᠢᠷᠠᠭᠤᠯᠤᠨ ᠬᠦᠴᠦᠷᠭᠡᠭᠵᠢᠬᠦᠯᠵᠦ᠂ ᠵᠦᠪ ᠶᠠᠷᠢᠶ᠎ᠠ ᠭᠡᠯᠡᠯᠴᠡᠭᠡᠨ ᠤ ᠤᠳᠤᠷᠢᠳᠤᠮᠵᠢ ᠶᠢ ᠡᠵᠡᠮᠳᠡᠨ᠂ ᠰᠤᠨᠢᠨ ᠮᠡᠳᠡᠭᠡᠨ ᠤ ᠳᠠᠮᠵᠢᠭᠤᠯᠭ᠎ᠠ ᠶᠢᠨ ᠵᠢᠮ᠎ᠠ ᠶᠤᠰᠤ ᠶᠢ ᠬᠦᠨᠳᠦᠳᠭᠡᠵᠦ᠂ ᠭᠤᠤᠯ ᠦᠵᠡᠯ ᠰᠠᠨᠠᠭᠠᠨ ᠤ ᠶᠠᠷᠢᠶ᠎ᠠ ᠭᠡᠯᠡᠯᠴᠡᠭᠡ ᠶᠢ ᠳᠠᠰᠤᠷᠠᠯᠳᠠ ᠦᠭᠡᠢ ᠪᠠᠬᠢᠵᠢᠬᠦᠯᠦᠨ ᠪᠤᠵᠠᠭᠠᠢᠢᠷᠠᠭᠤᠯᠬᠤ ᠭᠡᠷᠡᠭᠲᠡᠢ᠃ ᠭᠤᠤᠯᠳᠠᠯᠭ᠎ᠠ ᠲᠠᠢ ᠬᠦᠷᠢᠶ᠎ᠠ ᠶᠢ ᠴᠢᠩᠭ᠎ᠠ ᠠᠩᠬᠠᠷᠴᠦ ᠡᠯ᠎ᠠ ᠵᠦᠢᠯ ᠤᠨ ᠠᠶᠦᠯ ᠲᠦᠭᠰᠢᠬᠦᠷᠢ ᠶᠢ ᠴᠠᠭ ᠲᠤᠬᠠᠢ ᠳᠤᠨᠢ ᠵᠢᠬᠰᠠᠭᠠᠨ ᠪᠠᠶᠢᠴᠠᠭᠠᠵᠦ ᠰᠢᠢᠳᠪᠤᠷᠢᠯᠡᠨ᠂ ᠦᠵᠡᠯ ᠤᠬᠠᠮᠰᠠᠷ ᠤᠨ ᠭᠡᠯᠪᠡᠷᠢ ᠶᠢᠨ ᠠᠶᠦᠯ ᠲᠦᠭᠰᠢᠬᠦᠷᠢ ᠶᠢᠨ ᠦᠨᠡᠯᠡᠨ ᠵᠢᠱᠢᠯᠳᠠ ᠶᠢ ᠰᠠᠶᠢᠳᠤᠷ ᠠᠳᠬᠤᠵᠦ᠂ ᠠᠶᠦᠯ ᠲᠦᠭᠰᠢᠬᠦᠷᠢ ᠶᠢ ᠬᠦᠴᠦᠳᠠᠢ ᠪᠦᠳᠦᠮᠵᠢᠳᠠᠢ ᠬᠠᠮᠢᠶᠠᠷᠤᠨ ᠡᠵᠡᠮᠳᠡᠬᠦ ᠶᠢ ᠦᠨᠡᠨ ᠬᠦ ᠪᠡᠶᠡᠯᠡᠬᠦᠯᠬᠦ ᠭᠡᠷᠡᠭᠲᠡᠢ᠃ ᠭᠤᠤᠯᠯᠠᠨ ᠬᠠᠮᠢᠶᠠᠷᠴᠦ ᠭᠤᠤᠯᠯᠠᠨ ᠡᠷᠬᠢᠯᠡᠵᠦ ᠪᠠᠶᠢᠭ᠎ᠠ ᠪᠠ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠠ ᠱᠠᠳᠤ ᠡᠯ᠎ᠠ ᠲᠦᠷᠦᠯ ᠤᠨ ᠦᠵᠡᠯ ᠤᠬᠠᠮᠰᠠᠷ ᠤᠨ ᠭᠡᠯᠪᠡᠷᠢ ᠶᠢᠨ ᠰᠠᠭᠤᠷᠢᠨ ᠭᠠᠵᠠᠷ ᠢ ᠡᠷᠡᠰ ᠪᠠᠳᠤ ᠰᠠᠶᠢᠳᠤᠷ ᠰᠠᠬᠢᠬᠤ ᠭᠡᠷᠡᠭᠲᠡᠢ᠃ ᠬᠠᠮᠢᠶᠠᠷᠬᠤ᠂ ᠭᠡᠷᠡᠭᠯᠡᠬᠦ᠂ ᠰᠡᠷᠭᠡᠶᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠵᠦ᠂ ᠰᠦᠯᠵᠢᠶᠡᠨ ᠤ ᠤᠷᠤᠨ ᠵᠠᠢ ᠶᠢᠨ ᠬᠠᠮᠢᠶᠠᠷᠤᠯᠳᠠ ᠶᠢ ᠬᠠᠤᠯᠢ ᠲᠤᠭᠳᠠᠭᠠᠯ ᠶᠤᠰᠤᠭᠠᠷ ᠴᠢᠩᠭᠠᠳᠬᠠᠨ᠂ ᠰᠦᠯᠵᠢᠶᠡᠨ ᠤ ᠤᠯᠠᠨ ᠲᠦᠮᠡᠨᠴᠢ ᠱᠤᠭᠤᠮ ᠢᠶᠠᠷ ᠰᠠᠶᠢᠳᠤᠷ ᠵᠠᠮᠨᠠᠵᠦ᠂ ᠰᠦᠯᠵᠢᠶᠡᠨ ᠤ ᠠᠮᠤᠷ ᠲᠦᠪᠰᠢᠨ ᠢ ᠪᠠᠳᠤᠯᠠᠬᠤ ᠭᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠳᠠ ᠪᠠ ᠵᠠᠰᠠᠭ ᠤᠨ ᠪᠠᠶᠢᠭᠤᠯᠤᠯᠳᠠ ᠶᠢᠨ ᠴᠢᠬᠤᠯᠠ ᠠᠭᠤᠯᠭ᠎ᠠ ᠪᠤᠯᠭᠠᠵᠦ᠂ ᠨᠠᠮ ᠢ ᠬᠠᠮᠢᠶᠠᠷᠬᠤ ᠨᠠᠮ ᠢ ᠵᠠᠰᠠᠬᠤ ᠪᠦᠬᠦ ᠶᠠᠪᠤᠴᠠ ᠪᠠ ᠡᠯ᠎ᠠ ᠲᠠᠯ᠎ᠠ ᠳᠤ ᠠᠭᠤᠰᠤᠯᠴᠠᠭᠤᠯᠤᠨ᠂ ᠨᠠᠮ ᠤᠨ ᠬᠤᠷᠢᠶᠠᠨ ᠤ ᠡᠳᠦᠷ ᠳᠤᠳᠤᠮ ᠤᠨ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠳᠤ ᠠᠭᠤᠰᠤᠯᠴᠠᠭᠤᠯᠵᠦ᠂ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠮᠳᠤᠷᠠᠯ ᠬᠦᠴᠦ ᠶᠢ ᠨᠢᠬᠳᠠᠷᠠᠭᠤᠯᠵᠦ᠂ ᠦᠨᠳᠦᠰᠦᠨ ᠱᠠᠳᠤᠨ ᠤ ᠰᠠᠭᠤᠷᠢ ᠶᠢ ᠪᠠᠬᠢᠵᠢᠬᠦᠯᠦᠨ᠂ ᠨᠠᠮ ᠠᠴᠠ ᠦᠵᠡᠯ ᠤᠬᠠᠮᠰᠠᠷ ᠤᠨ ᠭᠡᠯᠪᠡᠷᠢ ᠶᠢ ᠬᠠᠮᠢᠶᠠᠷᠬᠤ ᠱᠠᠭᠠᠷᠳᠠᠯᠭ᠎ᠠ ᠶᠢ ᠦᠨᠡᠨ ᠬᠦ ᠪᠦᠬᠦ ᠲᠠᠯ᠎ᠠ ᠪᠠᠷ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号