12 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯ | ᠬᠥᠬᠡᠬᠤᠲᠠ ᠳᠤ ᠲᠡᠭᠦᠰᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠡᠭᠦᠰᠬᠦ ᠬᠤᠷᠠᠯ ᠳᠤ ᠣᠷᠣᠯᠴᠠᠬᠤ ᠶᠢᠨ ᠬᠠᠮᠳᠣ ᠶᠠᠷᠢᠶ᠎ᠠ | ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠤᠸᠠᠨ ᡁᠢ ᠴᠢᠶᠠᠩ᠂ ᠯᠢ ᠪᠢᠩ ᠷᠦᠩ ᠶᠡᠭᠡ | ᠬᠤᠷᠠᠯ ᠤᠨ ᠶᠠᠷᠢᠶ᠎ᠠ ᠢᠯᠡᠳᠭᠡᠯ ᠢ ᠰᠣᠨᠣᠰᠴᠤ᠂ ᠸᠠᠩ ᠵᠥᠩ ᠾᠧ᠂ ᠵᠧᠩ ᠹᠦ᠋ ᠲᠢᠶᠠᠨ᠂ ᠴᠠᠩ ᠵᠢᠶᠦ᠋ᠨ ᠵᠧᠩ᠂ | ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠲᠡᠭᠦᠰᠬᠦ ᠬᠤᠷᠠᠯ ᠳᠤ ᠣᠷᠣᠯᠴᠠᠵᠤ᠂ ᠯᠦᠸᠧ | ᡁᠢ ᠬᠤ᠋ ᠲᠡᠭᠦᠰᠬᠦ ᠬᠤᠷᠠᠯ ᠢ ᠡᠷᠭᠢᠯᠡᠪᠡ᠃ | ᠬᠤᠷᠠᠯ ᠳᠤ ᠣᠷᠣᠯᠴᠠᠭᠰᠠᠨ ᠪᠠᠶᠢᠩᠭᠤ ᠶᠢᠨ ᠭᠡᠰᠢᠭᠦᠳ᠂ ᠭᠡᠰᠢᠭᠦᠳ ᠪᠣᠯᠤᠨ ᠣᠶᠤᠨ ᠤ ᠬᠥᠮᠥᠷᠭᠡ ᠶᠢᠨ | ᠲᠤᠰᠬᠠᠶ ᠮᠡᠷᠭᠡᠵᠢᠯᠲᠡᠳ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠴᠢᠬᠤᠯᠠ ᠠᠰᠠᠭᠤᠳᠠᠯ ᠤᠨ ᠲᠣᠭᠤᠷᠢᠨ ᠳᠤ ᠶᠡᠭᠡ ᠬᠤᠷᠠᠯ ᠤᠨ ᠶᠠᠷᠢᠶ᠎ᠠ ᠢᠯᠡᠳᠭᠡᠯ ᠬᠢᠵᠦ᠂ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠦ ᠠᠷᠭ᠎ᠠ ᠪᠤᠳᠤᠯᠭ᠎ᠠ ᠪᠠᠨ ᠳᠡᠪᠰᠢᠭᠦᠯᠪᠡ᠃ | ᠯᠢ ᠰᠢᠤ ᠯᠢᠩ᠂ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ | ᠣᠯᠤᠭᠰᠠᠨ ᠶᠡᠷᠦ ᠪᠤᠰᠤ ᠶᠢᠨ ᠲᠡᠤᠬᠡᠨ ᠠᠮᠵᠢᠯᠲᠠ ᠪᠦᠲᠦᠮᠵᠢ ᠳᠤᠮᠲᠠ ᠠᠴᠠ ᠲᠤᠷᠰᠢᠯᠭ᠎ᠠ ᠪᠣᠯᠤᠨ ᠰᠡᠩᠬᠡᠷᠡᠭᠦᠯᠦᠯ | ᠠᠪᠴᠣ᠂ ︽ᠬᠤᠶᠠᠷ ᠶᠡᠭᠡ ᠲᠠᠯ᠎ᠠ︾ ᠶᠢ ᠨᠢᠭᠡᠳᠦᠯᠲᠡᠶ ᠲᠥᠯᠥᠪᠵᠢᠬᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠤᠰᠤᠳᠴᠢ ᠬᠡᠷᠡᠭᠴᠡᠭᠡ ᠶᠢ ᠡᠵᠡᠮᠰᠢᠵᠦ᠂ ︽ᠳᠥᠷᠪᠡᠨ ᠤᠬᠠᠮᠰᠠᠷ︾ | ᠢᠶᠠᠨ ᠴᠢᠨᠠᠬᠰᠢᠲᠠ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ | ᠪᠠᠬᠢᠵᠢᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠮᠠᠭᠠᠳᠯᠠᠯᠲᠠ ᠪᠠ ᠪᠠᠶᠢᠷᠢᠯᠠᠭᠤᠯᠤᠯᠲᠠ | ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠶ ᠭᠡᠵᠦ ᠳᠣᠷᠠᠳᠪᠠ᠃ | ᠯᠢ ᠰᠢᠤ ᠯᠢᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠤᠳᠠᠭ᠎ᠠ ᠪᠦᠷᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠰᠢᠨ᠎ᠡ ᠱᠠᠲᠤ | ᠦᠶ᠎ᠡ ᠰᠢᠨ᠎ᠡ ᠪᠠᠶᠢᠷᠢᠰᠢᠯ ᠳᠤᠮᠳᠠ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ | ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠠᠮᠤᠷ ᠲᠦᠪᠰᠢᠨ ᠢ ᠪᠠᠲᠤᠯᠠᠬᠤ ᠳᠤᠮᠳᠠᠬᠢ ᠥᠪᠥᠷ ᠮᠣᠩᠭᠤᠯ ᠤᠨ ᠪᠠᠶᠢᠷᠢ | ᠰᠠᠭᠤᠷᠢ ᠪᠠ ᠬᠠᠷᠢᠭᠤᠴᠠᠯᠭ᠎ᠠ ᠶᠢ ᠰᠡᠷᠭᠡᠭ ᠢᠶᠠᠷ ᠲᠠᠨᠢᠵᠤ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠣᠭᠲᠠᠭᠠᠨ ᠦᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠠᠵᠤ | ᠠᠬᠤᠶ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠯᠣᠭᠢᠭ ᠪᠣᠯᠤᠨ ᠦᠢᠯᠡᠳᠪᠦᠷᠢᠯᠡᠯ ᠤᠨ ᠬᠦᠴᠦᠨ ᠵᠦᠢᠯ ᠤᠨ | ᠰᠢᠯᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠠᠵᠠ ᠲᠣᠬᠢᠶᠠᠯ ᠪᠣᠯᠤᠨ ᠥᠷᠢᠰᠥᠯᠳᠦᠭᠡᠨ ᠢ ᠪᠦᠲᠦᠮᠵᠢᠲᠡᠢ ᠢᠯᠭᠠᠨ | ᠲᠠᠨᠢᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠳᠠᠯ ᠢᠶᠠᠨ ᠲᠡᠪᠴᠢᠵᠦ᠂ ᠬᠥᠭᠵᠢᠯᠲᠡ ᠶᠢᠨ ᠰᠢᠨ᠎ᠡ | ᠳᠠᠪᠠᠭᠤᠯᠢᠭ ᠢ ᠴᠢᠷᠮᠠᠶᠢᠨ ᠡᠭᠦᠳᠬᠦ ᠬᠡᠷᠡᠭᠲᠡᠢ ᠭᠡᠵᠦ ᠳᠣᠷᠠᠳᠪᠠ᠃ | ᠯᠢ ᠰᠢᠤ ᠯᠢᠩ᠂ ᠤᠯᠤᠰ ᠲᠥᠷᠥ ᠶᠢᠨ ᠵᠥᠪᠯᠡᠯᠭᠡᠨ ᠤ ᠡᠬᠦᠷᠭᠡ ᠴᠢᠳᠠᠪᠬᠢ ᠪᠠᠨ ᠪᠠᠳᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠪᠠ ᠬᠡᠷᠡᠭᠵᠢᠭᠦᠯᠬᠦ ᠶᠢᠨ ᠲᠣᠭᠤᠷᠢᠨ ᠳᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠣᠶᠤᠨ ᠤᠬᠠᠭᠠᠨ ᠪᠠ ᠬᠦᠴᠦᠨ ᠴᠢᠳᠠᠯ ᠢ ᠲᠥᠪᠯᠡᠷᠡᠭᠦᠯᠬᠦ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠴᠢᠳᠠᠮᠠᠭᠠᠢ ᠪᠠᠷ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠵᠠᠳᠠᠯᠵᠣ᠂ ᠠᠰᠠᠭᠤᠳᠠᠯ ᠢ ᠰᠢᠢᠳᠪᠦᠷᠢᠯᠡᠬᠦ ᠲᠥᠰᠦᠯ ᠢ | ᠳᠤᠷᠠᠳᠬᠤ ᠬᠡᠷᠡᠭᠲᠡᠢ︔ ᠨᠠᠮ ᠵᠠᠰᠠᠭ ᠤᠨ ᠬᠡᠷᠡᠭᠴᠡᠭᠡ᠂ ᠨᠡᠶᠢᠭᠡᠮ ᠤᠨ ᠠᠩᠬᠠᠷᠤᠯ᠂ ᠤᠯᠤᠰ ᠲᠥᠷᠥ ᠶᠢᠨ | ᠵᠥᠪᠯᠡᠯᠭᠡᠨ ᠤ ᠴᠢᠳᠠᠮᠵᠢ ᠶᠢ ᠨᠢᠭᠡᠳᠬᠡᠬᠦ ᠶᠢ ᠪᠠᠷᠢᠮᠲᠠᠯᠠᠵᠦ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠪᠠᠨ | ᠴᠢᠨᠠᠬᠰᠢᠲᠠ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠰᠬᠠᠶ ᠮᠡᠷᠭᠡᠵᠢᠯ ᠤᠨ | ᠲᠤᠯᠭᠠᠭᠤᠷᠢᠯᠠᠯ ᠢᠶᠠᠨ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠷᠭ᠎ᠠ ᠤᠬᠠᠭᠠᠨ ᠭᠠᠷᠭᠠᠨ | ᠵᠠᠰᠠᠭ ᠲᠤ ᠲᠤᠰᠠᠯᠠᠬᠤ ᠴᠢᠨᠠᠷ ᠴᠢᠨᠰᠠᠭ᠎ᠠ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠡᠮᠵᠢᠶᠡᠯᠡᠨ | ᠰᠢᠯᠭᠠᠨ ᠦᠨᠡᠯᠡᠬᠦ ᠠᠵᠢᠯ ᠢ ᠦᠷᠨᠢᠭᠦᠯᠵᠦ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠠᠷᠭ᠎ᠠ | ︵ᠲᠤᠷᠰᠢᠨ ᠬᠡᠷᠡᠭᠵᠢᠭᠦᠯᠬᠦ︶ ᠶᠢ ᠬᠢᠨᠠᠨ ᠵᠥᠪᠯᠡᠨ ᠪᠠᠲᠤᠯᠠᠵᠦ᠂ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ | ᠵᠦᠪᠯᠡᠵᠦ ᠪᠠᠲᠤᠯᠠᠵᠠᠢ᠃ | | |