ᠥᠪᠥᠷ ᠮᠣᠩᠭᠤᠯ 69 ᠬᠦᠮᠦᠨ ᠲᠣᠮᠢᠯᠠᠨ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠤᠷ᠎ᠠ ᠮᠡᠷᠭᠡᠰᠢᠯ ᠤᠨ ᠤᠷᠤᠯᠳᠤᠭᠠᠨ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2020/12/14

     12 ᠳ᠋ᠤᠭᠠᠷ ᠰᠠᠷ᠎ᠠ ᠶᠢᠨ 10 ᠤ ᠡᠳᠦᠷ᠂ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠤᠷ᠎ᠠ ᠮᠡᠷᠭᠡᠰᠢᠯ ᠤᠨ ᠤᠷᠤᠯᠳᠤᠭᠠᠨ ᠭᠤᠸᠠᠩᠵᠧᠦ ᠳᠤ ᠡᠬᠢᠯᠡᠪᠡ᠃ ᠥᠪᠥᠷ ᠮᠣᠩᠭᠤᠯ 69 ᠬᠦᠮᠦᠨ ᠲᠣᠮᠢᠯᠠᠨ ᠤᠷᠤᠯᠳᠤᠭᠠᠨ ᠳᠤ ᠣᠷᠣᠯᠴᠠᠭᠤᠯᠵᠤ᠂ ᠣᠷᠤᠯᠴᠠᠭᠰᠠᠳ ᠤᠷᠤᠯᠳᠤᠭᠠᠨ ᠤ ᠲᠠᠯᠠᠪᠠᠢ ᠳᠤ ︽ᠵᠢᠩᠬᠢᠨᠢ ᠠᠷᠭ᠎ᠠ ᠤᠬᠠᠭᠠᠨ ᠢᠶᠠᠨ ᠭᠠᠷᠭᠠᠨ︾ ︽ᠭᠤᠴᠣ ᠡᠷᠳᠡᠮ ᠢᠶᠠᠨ ᠭᠠᠶᠢᠬᠠᠭᠤᠯᠵᠤ︾᠂ ᠤᠷᠤᠯᠳᠤᠭᠠᠨ ᠢᠶᠠᠷ ᠰᠤᠷᠤᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ ᠠᠷᠭ᠎ᠠ ᠪᠠᠷ ᠳᠠᠮᠵᠢᠭᠤᠯᠤᠨ ᠨᠡᠩ ᠣᠯᠠᠨ ᠵᠠᠯᠠᠭᠤᠴᠤᠳ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷ᠎ᠠ ᠮᠡᠷᠭᠡᠰᠢᠯ ᠢᠶᠠᠷ ᠴᠢᠳᠠᠪᠤᠷᠢᠲᠠᠨ ᠪᠣᠯᠬᠤ᠂ ᠤᠷ᠎ᠠ ᠮᠡᠷᠭᠡᠰᠢᠯ ᠢᠶᠠᠷ ᠤᠯᠤᠰ ᠲᠤ ᠪᠠᠨ ᠵᠢᠳᠬᠦᠬᠦ ᠵᠠᠮ ᠢᠶᠠᠷ ᠵᠠᠮᠨᠠᠬᠤ ᠶᠢ ᠨᠢ ᠵᠣᠷᠢᠭᠵᠢᠭᠤᠯᠵᠠᠢ᠃



     12 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠣᠷᠤᠯᠴᠠᠭᠴᠢ ᠬᠠᠪᠲᠠᠭᠠᠶ ᠵᠢᠷᠤᠭ ᠲᠥᠯᠥᠪᠯᠡᠭᠡᠨ ᠤ ᠲᠥᠷᠥᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃



     12 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠣᠷᠤᠯᠴᠠᠭᠴᠢ 3D ᠲᠣᠭᠠᠴᠢᠯᠠᠭᠰᠠᠨ ᠲᠣᠭᠯᠠᠭᠠᠮ ᠤᠨ ᠤᠷᠠᠯᠢᠭ ᠤᠨ ᠲᠦᠷᠦᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃



     12 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠣᠷᠤᠯᠴᠠᠭᠴᠢ ᠰᠦᠯᠵᠢᠶᠡᠨ ᠤ ᠰᠢᠰᠲ᠋ᠧᠮ ᠤᠨ ᠬᠠᠮᠢᠶᠠᠷᠤᠯᠲᠠ ︵ᠤᠯᠤᠰ ᠠᠴᠠ ᠰᠢᠯᠢᠵᠦ ᠰᠤᠩᠭᠤᠭᠰᠠᠨ︶ ᠶᠢᠨ ᠲᠦᠷᠦᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃



     12 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠣᠷᠤᠯᠴᠠᠭᠴᠢ ᠬᠡᠷᠡᠯ ᠴᠠᠬᠢᠯᠭᠠᠨ ᠤ ᠮᠡᠷᠭᠡᠵᠢᠯ ᠤᠨ ᠲᠦᠷᠦᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃



     12 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠣᠷᠤᠯᠴᠠᠭᠴᠢ ᠮᠣᠳᠤᠴᠢᠨ ᠤ ᠠᠵᠢᠯ

︵ᠤᠯᠤᠰ ᠠᠴᠠ ᠰᠢᠯᠢᠵᠦ ᠰᠤᠩᠭᠤᠭᠰᠠᠨ︶ ᠤᠨ ᠲᠦᠷᠦᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃



     12 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠣᠷᠤᠯᠴᠠᠭᠴᠢ ᠮᠡᠳᠡᠭᠡ ᠵᠠᠩᠭᠢ ᠶᠢᠨ ᠰᠦᠯᠵᠢᠶ᠎ᠡ ᠪᠠᠶᠢᠷᠢᠯᠠᠭᠤᠯᠬᠤ ᠲᠦᠷᠦᠯ ᠤᠨ ᠤᠷᠤᠯᠳᠤᠭᠠᠨ ᠳᠤ ᠣᠷᠤᠯᠴᠠᠵᠤ ᠪᠠᠶᠢᠭ᠎ᠠ ᠨᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ