ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/14
                     ᠥᠪᠥᠷ ᠵᠠᠰᠠᠭ ᠲᠠᠷᠬᠠᠭᠠᠭᠰᠠᠨ ︹ 2020 ︺ 20 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                      2020 ᠣᠨ ᠤ 12 ᠳ᠋ᠤᠭᠠᠷ ᠰᠠᠷ᠎ᠠ ᠶᠢᠨ 4 ᠤ ᠡᠳᠦᠷ                                      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ    ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ     ᠨᠢᠭᠡᠳᠦᠭᠡᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠠᠵᠢᠯ ᠢ ᠵᠢᠷᠤᠮᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ︵ᠳᠣᠷᠣᠭᠰᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠠᠵᠢᠯ ᠳᠤ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠬᠤ ᠭᠤᠤᠯᠯᠠᠭᠴᠢ ᠦᠢᠯᠡᠳᠦᠯ ᠢ ᠪᠠᠳᠠᠷᠠᠭᠤᠯᠤᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠬᠤ ᠬᠡᠷᠡᠭᠲᠡᠶ᠃      ᠳᠥᠷᠪᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢᠭᠡᠳᠦᠯᠲᠡᠶ ᠤᠳᠤᠷᠢᠳᠤᠭᠰᠠᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠥᠬᠦᠶ ᠨᠢᠭᠡᠴᠢ ᠲᠤᠰᠠᠯᠠᠵᠤ ᠬᠠᠮᠵᠢᠯᠴᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃      ᠲᠠᠪᠤᠳᠤᠭᠠᠷ ᠵᠦᠢᠯ  ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ ᠶᠢ ᠬᠠᠷᠢᠭᠤᠴᠠᠬᠤ ᠨᠢᠭᠡᠴᠢ ︵ᠳᠣᠷᠣᠭᠰᠢ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ︶ ᠪᠠᠨ ᠲᠣᠳᠣᠷᠬᠠᠢ ᠲᠣᠭᠲᠠᠭᠠᠵᠤ᠂ ᠰᠢᠢᠳᠪᠦᠷᠢᠲᠦ ᠪᠤᠳᠤᠯᠭ᠎ᠠ ᠶᠢᠨ ᠵᠦᠢᠯᠡᠰ ᠢ ᠬᠤᠶᠠᠷ ᠵᠢᠴᠢ ᠲᠡᠭᠦᠨ ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠶ ᠪᠠᠶᠢᠪᠠᠯ᠂ ᠲᠦᠷᠦᠭᠦᠯᠡᠨ ᠬᠡᠷᠡᠭᠵᠢᠭᠦᠯᠬᠦ ᠨᠢᠭᠡᠴᠢ ᠶᠢ ᠲᠣᠳᠣᠷᠬᠠᠢ ᠲᠣᠭᠲᠠᠭᠠᠬᠤ ᠬᠡᠷᠡᠭᠲᠡᠶ᠃      ᠵᠢᠷᠭᠤᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠰ ᠨᠢᠭᠡᠴᠢ ︵ᠲᠣᠰ ᠰᠢᠰᠲ᠋ᠧᠮ︶ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃      ᠳᠣᠯᠣᠳᠤᠭᠠᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃      ᠨᠠᠢᠮᠠᠳᠤᠭᠠᠷ ᠵᠦᠢᠯ  ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠪᠴᠢᠶᠡᠨ ᠳᠤ ᠣᠷᠣᠭᠤᠯᠵᠤ᠂ ᠪᠠᠶᠢᠩᠭᠤᠵᠢᠭᠰᠠᠨ ᠮᠦᠷᠳᠡᠨ ᠪᠠᠶᠢᠴᠠᠭᠠᠯᠲᠠ ᠶᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠡᠵᠡᠮᠰᠢᠬᠦ ᠬᠡᠷᠡᠭᠲᠡᠢ᠃      ᠶᠢᠰᠦᠳᠦᠭᠡᠷ ᠵᠦᠢᠯ  ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠪᠦᠬᠦ ᠲᠠᠯ᠎ᠠ ᠪᠠᠷ᠂ ᠴᠠᠭ ᠲᠤᠬᠠᠢ ᠳᠤ ᠨᠢ᠂ ᠵᠥᠪ ᠣᠨᠣᠪᠴᠢᠲᠠᠢ ᠬᠠᠤᠯᠢ ᠶᠣᠰᠤᠭᠠᠷ ᠬᠡᠷᠡᠭᠵᠢᠭᠦᠯᠬᠦ ᠶᠢᠨ ᠬᠠᠮᠲᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃      ᠠᠷᠪᠠᠳᠤᠭᠠᠷ ᠵᠦᠢᠯ  ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠳᠦᠭᠡᠷ ᠬᠠᠷᠢᠭᠤᠴᠠᠯᠭᠠᠲᠠᠨ ᠮᠦᠨ᠂ ᠪᠤᠰᠤᠳ ᠬᠠᠷᠢᠭᠤᠴᠠᠯᠭᠠᠲᠠᠨ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠶᠢᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠪᠠ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠯ᠎ᠠ ᠪᠠᠷ ᠬᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠢ ᠵᠠᠰᠠᠭ ᠤᠨ ᠣᠷᠳᠣᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠪᠤᠶᠤ ᠬᠠᠤᠯᠢ ᠲᠦᠷᠢᠮ ᠢ ᠤᠬᠠᠭᠤᠯᠵᠤ ᠪᠣᠯᠪᠠᠰᠤᠷᠠᠭᠤᠯᠬᠤ ᠠᠭᠤᠯᠭ᠎ᠠ ᠳᠤ ᠣᠷᠣᠭᠤᠯᠬᠤ ᠬᠡᠷᠡᠭᠲᠡᠶ᠃     ᠠᠷᠪᠠᠨ ᠬᠤᠶᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠰᠡᠨ ᠪᠠᠶᠢᠳᠠᠯ ᠢᠶᠠᠨ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠷ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ ᠤᠨ ᠬᠠᠷᠢᠭᠤᠴᠠᠯᠭᠠᠲᠠᠨ ᠨᠠᠷ ᠢ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠬᠠᠤᠯᠢ ᠶᠣᠰᠣᠭᠠᠷ ᠭᠠᠷᠭᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠪᠣᠯ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠭᠰᠠᠨ ᠥᠬᠡᠶ ᠪᠠᠶᠢᠪᠠᠯ ᠳᠤᠷ᠎ᠠ ᠪᠠᠷ ᠬᠤᠪᠢᠷᠠᠭᠠᠬᠤ ᠪᠤᠶᠤ ᠬᠡᠷᠡᠭᠵᠢᠭᠦᠯᠬᠦ ᠶᠢ ᠨᠢ ᠵᠣᠭᠰᠣᠭᠠᠵᠤ ᠪᠣᠯᠬᠤ ᠥᠬᠡᠶ᠃      ᠠᠷᠪᠠᠨ ᠲᠠᠪᠤᠳᠤᠭᠠᠷ ᠵᠦᠢᠯ  ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠪᠤᠰᠤᠳᠴᠢ ᠪᠠᠶᠢᠳᠠᠯ ᠠᠴᠠ ᠪᠣᠯᠵᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠳᠠᠭᠠᠭᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢᠳᠪᠦᠷᠢᠲᠦ ᠪᠣᠳᠣᠯᠭ᠎ᠠ ᠳᠤ ᠲᠣᠭᠲᠠᠭᠠᠭᠰᠠᠨ ᠬᠠᠷᠠᠯᠲᠠ ᠶᠢᠨ ᠪᠡᠶᠡᠯᠡᠭᠳᠡᠬᠦ ᠶᠢ ᠬᠦᠨᠳᠦ ᠨᠣᠴᠢᠲᠠᠶ ᠨᠥᠯᠥᠭᠡᠯᠡᠭᠰᠡᠨ ᠢ ᠣᠯᠵᠤ ᠮᠡᠳᠡᠪᠡᠯ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠪᠠᠶᠢᠭᠤᠯᠭ᠎ᠠ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠯᠲᠡ ᠬᠢᠬᠦ ᠳᠤ ᠂ ᠪᠣᠳᠠᠲᠠᠶ ᠦᠨᠡᠯᠡᠨ ᠵᠢᠱᠢᠬᠦ ᠠᠵᠢᠯ ᠢ ᠡᠭᠦᠷᠭᠡᠯᠡᠭᠰᠡᠨ ᠨᠢᠭᠡᠴᠢ ᠨᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠠᠷᠪᠠᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠥᠬᠦ ᠶᠠᠪᠤᠴᠠ ᠶᠢ ᠨᠢ ᠲᠡᠮᠳᠡᠭᠯᠡᠬᠦ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠬᠠᠳᠠᠭᠠᠯᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠨᠢᠭᠡᠴᠢ ᠨᠢ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠰᠣᠨᠢᠨ ᠰᠡᠳᠬᠦᠯ᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠪᠠᠷ ᠳᠠᠮᠵᠢᠭᠤᠯᠤᠨ ᠨᠡᠶᠢᠭᠡᠮ ᠳᠤ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ᠂ ᠢᠯᠡ ᠪᠣᠯᠭᠠᠵᠤ ᠪᠣᠯᠬᠤ ᠦᠭᠡᠢ ᠨᠢ ᠡᠭᠦᠨ ᠳᠤ ᠪᠠᠭᠲᠠᠬᠤ ᠦᠭᠡᠢ᠃      ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠥᠯᠢᠶᠡᠬᠦ ᠬᠡᠷᠡᠭᠲᠡᠶ᠃      ᠬᠤᠷᠢᠳᠤᠭᠠᠷ ᠵᠦᠢᠯ  ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ ᠤᠲᠠᠰᠤ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ᠂ ᠵᠠᠭᠠᠯᠳᠤᠵᠤ ᠪᠣᠯᠤᠨ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠨᠢ ᠴᠠᠭ ᠲᠤᠬᠠᠶ ᠳᠤ ᠨᠢ ᠬᠦᠯᠢᠶᠡᠨ ᠠᠪᠴᠤ ᠭᠦᠢᠴᠡᠳᠭᠡᠬᠦ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ  ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠠᠶᠢᠭᠤᠯᠭ᠎ᠠ ᠨᠢ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠲᠡᠳᠡᠭᠡᠷ ᠤᠨ ᠭᠤᠤᠯ ᠬᠠᠷᠢᠭᠤᠴᠠᠯᠭᠠᠲᠠᠨ ᠲᠠᠢ ᠨᠢ ᠪᠣᠯᠵᠣᠨ ᠶᠠᠷᠢᠯᠴᠠᠬᠤ ᠶᠢᠨ ᠬᠠᠮᠲᠤ᠂ ᠰᠢᠢᠳᠪᠦᠷᠢᠲᠦ ᠪᠤᠳᠤᠯᠭ᠎ᠠ ᠬᠡᠷᠡᠭᠵᠢᠭᠦᠯᠬᠦ ᠨᠢᠭᠡᠴᠢ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠭᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠦᠮᠦᠰ ᠪᠠ ᠰᠢᠭᠤᠳ ᠬᠠᠷᠢᠭᠤᠴᠠᠯᠭᠠᠲᠠᠨ ᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ︵ᠨᠢᠭᠡ︶ ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠰᠤᠯᠠ ᠪᠠᠶᠢᠬᠤ︔      ︵ᠬᠤᠶᠠᠷ︶ ᠬᠡᠷᠡᠭᠵᠢᠭᠦᠯᠬᠦ ᠶᠢ ᠲᠡᠪᠴᠢᠭᠰᠡᠨ᠂ ᠲᠦᠯᠬᠢᠯᠴᠡᠭᠰᠡᠨ ᠪᠠ ᠬᠤᠶᠢᠰᠢᠯᠠᠭᠤᠯᠤᠭᠰᠠᠨ ᠪᠠᠶᠢᠬᠤ︔      ︵ᠭᠤᠷᠪᠠ︶ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠤᠶᠤ ᠣᠷᠬᠢᠭᠳᠠᠭᠤᠯᠤᠭᠰᠠᠨ ᠪᠠᠶᠢᠬᠤ︔      ︵ᠳᠥᠷᠪᠡ︶ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠬᠤ︔      ︵ᠲᠠᠪᠤ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶᠢᠳᠠᠯ᠃      ᠬᠤᠷᠢᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠶᠠᠪᠤᠴᠠ ᠳᠤ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠥᠭᠡᠢ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠠᠬᠢᠨ ᠬᠢᠨᠠᠬᠤ᠂ ᠭᠤᠮᠣᠳᠠᠯ ᠲᠣᠭᠠᠴᠢᠬᠤ ᠪᠠᠷ ᠳᠤᠷᠠᠳᠴᠤ ᠪᠣᠯᠤᠨ᠎ᠠ᠃      ᠬᠤᠷᠢᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ᠂ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠬᠦᠯᠬᠦ ᠬᠡᠷᠡᠭᠳᠡᠢ᠃      ᠬᠤᠷᠢᠨ ᠳᠥᠷᠪᠡᠳᠦᠭᠡᠷ ᠵᠦᠢᠯ  ᠲᠣᠰ ᠲᠣᠭᠲᠠᠭᠠᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ