|
ᠬᠥᠯᠥᠨ ᠪᠤᠶᠢᠷ ᠬᠤᠲᠠ ᠶᠢᠨ ︽ᠢᠨᠲ᠋ᠧᠷ ᠰᠦᠯᠵᠢᠶ᠎ᠡ + ᠤᠶᠤᠨᠲᠤ ᠨᠠᠰᠤᠵᠢᠯ ᠤᠨ ᠠᠰᠠᠷᠠᠮᠵᠢ︾ ᠨᠢ ᠨᠠᠰᠤᠵᠢᠯ ᠤᠨ ᠠᠰᠠᠷᠠᠮᠵᠢ ᠶᠢᠨ ᠰᠢᠨ᠎ᠡ ᠬᠡᠯᠪᠡᠷᠢ ᠶᠢ ᠪᠣᠶ | ᠪᠣᠯᠭᠠᠪᠠ |
|
|
ᠨᠡᠶᠢᠲᠡᠯᠡᠭᠰᠡᠨ ᠴᠠᠭ᠄
2020/12/15
|
|
ᠨᠠᠰᠤᠵᠢᠯ ᠤᠨ ᠠᠰᠠᠷᠠᠮᠵᠢ ᠨᠢ ᠶᠡᠷᠦ ᠠᠴᠠ ᠨᠡᠶᠢᠭᠡᠮ ᠤᠨ ᠠᠩᠬᠠᠷᠤᠯ ᠢ ᠲᠠᠲᠠᠭᠰᠠᠭᠠᠷ ᠢᠷᠡᠵᠡᠢ᠂ ᠲᠡᠷᠡ ᠪᠣᠯ ᠴᠢᠬᠤᠯᠠ ᠨᠢᠭᠡᠨ ᠨᠡᠶᠢᠭᠡᠮ ᠤᠨ ᠦᠢᠯᠡᠰ ᠮᠥᠷᠲᠡᠭᠡᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠣᠨ᠎ᠠ᠃ ᠲᠡᠷᠡ ᠨᠢ ᠬᠤᠲᠠ ᠶᠢᠨ ᠠᠷᠠᠳ ᠤᠨ ᠠᠵᠠ ᠵᠢᠷᠭᠠᠯ ᠪᠠ ᠬᠤᠲᠠ ᠶᠢᠨ ᠠᠯᠤᠰ ᠢᠷᠡᠭᠡᠳᠦᠢ ᠶᠢᠨ ᠬᠥᠭᠵᠢᠯᠲᠡ ᠲᠠᠢ ᠬᠤᠯᠪᠣᠭᠳᠠᠨ᠎ᠠ᠃ ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ ᠪᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠰᠡᠳᠬᠢᠯ ᠠᠮᠤᠷ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠪᠥᠬᠦ ᠬᠤᠲᠠ ᠶᠢᠨ ᠥᠨᠳᠥᠷ ᠨᠠᠰᠤᠨ ᠤ ᠨᠥᠬᠦᠪᠥᠷᠢ ᠶᠢ ᠬᠢᠨᠠᠨ ᠪᠠᠶᠢᠴᠠᠭᠠᠨ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠶᠢᠨ ᠬᠠᠮᠲᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠬᠤᠲᠠ ᠶᠢᠨ 47978 ᠥᠨᠳᠥᠷ ᠨᠠᠰᠤᠲᠠᠨ ᠤ ᠣᠷᠣᠰᠢᠯ ᠠᠮᠢᠳᠤᠷᠠᠯ ᠤᠨ ᠭᠡᠷᠡᠴᠢᠯᠡᠯᠲᠡ ᠶᠢ ᠪᠡᠶᠡᠯᠡᠭᠦᠯᠬᠦ ᠪᠣᠯᠤᠨ᠎ᠠ᠃ ᠣᠳᠣᠬᠠᠨ ᠳᠤ᠂ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ ᠡ ᠪᠠᠯᠭᠠᠰᠤᠨ ᠤ ᠠᠯᠪᠠᠨ ᠬᠡᠷ ᠡᠨᠡᠬᠦ ᠠᠵᠢᠯ ᠢ ᠪᠠᠴᠢᠮ ᠶᠠᠭᠠᠷᠠᠯᠲᠠᠶ ᠥᠷᠨᠢᠭᠦᠯᠵᠦ ᠪᠠᠶᠢᠨ᠎ᠠ᠃ ᠰᠡᠳᠬᠢᠯ ᠠᠮᠤᠷ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠥᠯᠥᠨ ᠪᠣᠶᠢᠷ ᠲᠠᠬᠢ ᠬᠤᠪᠢᠶᠠᠷᠢ ᠪᠠᠩᠬᠢ ᠲᠠᠢ ᠬᠠᠮᠲᠤᠷᠠᠨ ᠪᠠᠶᠢᠭᠤᠯᠤᠭᠰᠠᠨ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠨᠡᠶᠢᠲᠡ ᠶᠢᠨ ᠡᠭᠦᠯᠡ ᠪᠠᠷ ᠰᠠᠭᠤᠷᠢ ᠪᠣᠯᠭᠠᠵᠤ᠂ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠣᠳᠣ ᠦᠶ᠎ᠡ ᠶᠢᠨ ᠴᠢᠮᠡᠭᠡ ᠬᠤᠯᠪᠣᠭ᠎ᠠ ᠶᠢᠨ ᠮᠡᠷᠭᠡᠵᠢᠯ ᠢ ᠠᠰᠢᠭᠯᠠᠨ᠂ ︽ᠵᠠᠰᠠᠭ ᠤᠨ ᠣᠷᠳᠣᠨ᠂ ᠨᠠᠰᠤᠵᠢᠯ ᠤᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠬᠦᠷᠲᠡᠭᠴᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠪᠥᠬᠦ ᠲᠠᠯ᠎ᠠ ᠶᠢᠨ ᠤᠶᠤᠨᠲᠤ ᠠᠵᠢᠯ ᠤᠨ ᠰᠢᠰᠲ᠋ᠧᠮᠵᠢ ᠪᠣᠯᠣᠨ᠎ᠠ᠃ ᠲᠠᠪᠴᠠᠩ ᠤᠨ ᠵᠠᠰᠠᠭ ᠤᠨ ᠣᠷᠳᠣᠨ ᠤ ᠦᠵᠦᠭᠦᠷ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠠᠰᠤᠵᠢᠯ ᠤᠨ ᠪᠠᠶᠢᠭᠤᠯᠤᠮᠵᠢ ᠶᠢ ᠳᠠᠩᠰᠠᠯᠠᠨ ᠬᠠᠮᠢᠶᠠᠷᠬᠤ ᠵᠢᠴᠢ ᠨᠠᠰᠤᠲᠠᠨ ᠢ ᠠᠰᠠᠷᠠᠬᠤ ᠭᠠᠵᠠᠷ ᠲᠤ ᠦᠨᠡᠯᠡᠯᠲᠡ ᠬᠢᠵᠦ ᠬᠢᠨᠠᠯᠲᠠ ᠲᠠᠯᠪᠢᠬᠤ ᠶᠢ ᠳᠡᠮᠵᠢᠵᠦ᠂ ᠨᠠᠰᠤᠵᠢᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠳᠡᠭ︔ ᠲᠠᠪᠴᠠᠩ ᠤᠨ ᠪᠠᠶᠢᠭᠤᠯᠤᠮᠵᠢ ᠶᠢᠨ ᠦᠵᠦᠭᠦᠷ ᠨᠢ ᠭᠡᠷ ᠲᠤ ᠪᠡᠨ ᠰᠠᠭᠤᠬᠤ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠵᠡᠷᠭᠡ ᠣᠯᠠᠨ ᠵᠦᠢᠯ ᠤᠨ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠳᠠᠮᠵᠢᠵᠤ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠳᠤ ᠣᠶᠤᠨᠴᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠵᠠᠭᠪᠤᠷ ᠢ ᠣᠯᠭᠤᠵᠤ ᠥᠭᠳᠡᠭ︔ ᠲᠠᠪᠴᠠᠩ ᠤᠨ ᠬᠡᠷᠡᠭᠯᠡᠭᠡᠨ ᠤ ᠦᠵᠦᠭᠦᠷ ᠨᠢ ︽ᠰᠡᠳᠬᠢᠯ ᠠᠮᠤᠷ ᠠᠰᠠᠷᠠᠮᠵᠢ︾᠂ ︽ᠰᠡᠳᠬᠢᠯ ᠠᠮᠤᠷ ᠬᠠᠪᠰᠤᠷᠭ᠎ᠠ︾ APP ᠳᠤ ᠲᠦᠰᠢᠭᠯᠡᠨ ᠨᠠᠰᠤᠵᠢᠯ ᠤᠨ ᠠᠰᠠᠷᠠᠭᠤᠯᠤᠭᠰᠠᠳ ᠲᠤ ᠲᠤᠰᠬᠠᠶ ᠮᠡᠷᠭᠡᠵᠢᠯ ᠤᠨ ︽ᠨᠢᠭᠡ ᠥᠷᠲᠡᠭᠡ ᠶᠢᠨ ᠬᠤᠳᠠᠯᠳᠤᠨ ᠠᠪᠤᠯᠲᠠ ᠶᠢᠨ ᠬᠡᠯᠪᠡᠷᠢ︾ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠣᠯᠠᠨ ᠬᠡᠮᠵᠢᠯᠳᠦ ᠬᠡᠷᠡᠭᠴᠡᠭᠡ ᠶᠢ ᠬᠠᠩᠭᠠᠳᠠᠭ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|