ᠨᠠᠰᠤᠵᠢᠯ ᠤᠨ ᠠᠰᠠᠷᠠᠮᠵᠢ ᠨᠢ ᠶᠡᠷᠦ ᠠᠴᠠ ᠨᠡᠶᠢᠭᠡᠮ ᠤᠨ ᠠᠩᠬᠠᠷᠤᠯ ᠢ ᠲᠠᠲᠠᠭᠰᠠᠭᠠᠷ ᠢᠷᠡᠵᠡᠢ᠂ ᠲᠡᠷᠡ ᠪᠣᠯ | ᠴᠢᠬᠤᠯᠠ ᠨᠢᠭᠡᠨ ᠨᠡᠶᠢᠭᠡᠮ ᠤᠨ ᠦᠢᠯᠡᠰ ᠮᠥᠷᠲᠡᠭᠡᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ | ᠪᠣᠯᠣᠨ᠎ᠠ᠃ ᠲᠡᠷᠡ ᠨᠢ ᠬᠤᠲᠠ ᠶᠢᠨ ᠠᠷᠠᠳ ᠤᠨ ᠠᠵᠠ ᠵᠢᠷᠭᠠᠯ ᠪᠠ ᠬᠤᠲᠠ ᠶᠢᠨ ᠠᠯᠤᠰ ᠢᠷᠡᠭᠡᠳᠦᠢ ᠶᠢᠨ | ᠬᠥᠭᠵᠢᠯᠲᠡ ᠲᠠᠢ ᠬᠤᠯᠪᠣᠭᠳᠠᠨ᠎ᠠ᠃ ᠪᠦᠬᠦ ᠬᠤᠲᠠ ᠶᠢᠨ ᠨᠠᠰᠤᠵᠢᠯ ᠤᠨ ᠠᠰᠠᠷᠠᠮᠵᠢ ᠪᠠ ᠠᠷᠠᠳ ᠲᠤ ᠳᠥᠭᠦᠮ | ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠥᠯᠥᠨ | ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠰᠡᠳᠬᠢᠯ ᠠᠮᠤᠷ ᠨᠠᠰᠤᠵᠢᠯ ᠤᠨ ᠠᠰᠠᠷᠠᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠪᠥᠬᠦ ᠬᠤᠲᠠ ᠶᠢᠨ ᠥᠨᠳᠥᠷ ᠨᠠᠰᠤᠨ ᠤ | ᠨᠥᠬᠦᠪᠥᠷᠢ ᠶᠢ ᠬᠢᠨᠠᠨ ᠪᠠᠶᠢᠴᠠᠭᠠᠨ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠬᠦ ᠶᠢᠨ ᠬᠠᠮᠲᠤ 12 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠪᠥᠬᠦ ᠬᠤᠲᠠ ᠶᠢᠨ 47978 ᠥᠨᠳᠥᠷ ᠨᠠᠰᠤᠲᠠᠨ ᠤ ᠣᠷᠣᠰᠢᠯ | ᠠᠮᠢᠳᠤᠷᠠᠯ ᠤᠨ ᠭᠡᠷᠡᠴᠢᠯᠡᠯᠲᠡ ᠶᠢ ᠪᠡᠶᠡᠯᠡᠭᠦᠯᠬᠦ ᠪᠣᠯᠤᠨ᠎ᠠ᠃ ᠣᠳᠣᠬᠠᠨ ᠳᠤ᠂ ᠪᠥᠬᠦ ᠬᠤᠲᠠ ᠶᠢᠨ ᠡᠯ᠎ᠡ ᠬᠤᠰᠢᠭᠤ | ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ ᠡ ᠪᠠᠯᠭᠠᠰᠤᠨ ᠤ ᠠᠯᠪᠠᠨ ᠬᠡᠷ ᠡᠨᠡᠬᠦ ᠠᠵᠢᠯ ᠢ | ᠪᠠᠴᠢᠮ ᠶᠠᠭᠠᠷᠠᠯᠲᠠᠶ ᠥᠷᠨᠢᠭᠦᠯᠵᠦ ᠪᠠᠶᠢᠨ᠎ᠠ᠃ | ᠰᠡᠳᠬᠢᠯ ᠠᠮᠤᠷ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠣᠯ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠪᠠᠩᠬᠢ ᠶᠢᠨ ᠬᠥᠯᠥᠨ ᠪᠣᠶᠢᠷ ᠲᠠᠬᠢ ᠬᠤᠪᠢᠶᠠᠷᠢ ᠪᠠᠩᠬᠢ ᠲᠠᠢ ᠬᠠᠮᠲᠤᠷᠠᠨ ᠪᠠᠶᠢᠭᠤᠯᠤᠭᠰᠠᠨ᠂ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠨᠡᠶᠢᠲᠡ ᠶᠢᠨ ᠡᠭᠦᠯᠡ ᠪᠠᠷ ᠰᠠᠭᠤᠷᠢ ᠪᠣᠯᠭᠠᠵᠤ᠂ ᠲᠣᠮᠣ ᠳ᠋ᠠᠶᠢᠲ᠋ᠠ᠂ ᠢᠨᠲ᠋ᠧᠷ | ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠣᠳᠣ ᠦᠶ᠎ᠡ ᠶᠢᠨ ᠴᠢᠮᠡᠭᠡ ᠬᠤᠯᠪᠣᠭ᠎ᠠ ᠶᠢᠨ ᠮᠡᠷᠭᠡᠵᠢᠯ ᠢ | ᠠᠰᠢᠭᠯᠠᠨ᠂ ︽ᠵᠠᠰᠠᠭ ᠤᠨ ᠣᠷᠳᠣᠨ᠂ ᠨᠠᠰᠤᠵᠢᠯ ᠤᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠬᠦᠷᠲᠡᠭᠴᠢ︾ | ᠭᠤᠷᠪᠠ ᠶᠢ ᠨᠢᠭᠡ ᠴᠣᠭᠴᠠᠵᠢᠭᠤᠯᠤᠭᠰᠠᠨ ᠪᠥᠬᠦ ᠲᠠᠯ᠎ᠠ ᠶᠢᠨ ᠤᠶᠤᠨᠲᠤ ᠠᠵᠢᠯ ᠤᠨ ᠰᠢᠰᠲ᠋ᠧᠮᠵᠢ ᠪᠣᠯᠣᠨ᠎ᠠ᠃ | ᠲᠠᠪᠴᠠᠩ ᠤᠨ ᠵᠠᠰᠠᠭ ᠤᠨ ᠣᠷᠳᠣᠨ ᠤ ᠦᠵᠦᠭᠦᠷ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠨᠠᠰᠤᠵᠢᠯ ᠤᠨ ᠪᠠᠶᠢᠭᠤᠯᠤᠮᠵᠢ ᠶᠢ ᠳᠠᠩᠰᠠᠯᠠᠨ ᠬᠠᠮᠢᠶᠠᠷᠬᠤ ᠵᠢᠴᠢ ᠨᠠᠰᠤᠲᠠᠨ ᠢ ᠠᠰᠠᠷᠠᠬᠤ ᠭᠠᠵᠠᠷ ᠲᠤ ᠦᠨᠡᠯᠡᠯᠲᠡ | ᠬᠢᠵᠦ ᠬᠢᠨᠠᠯᠲᠠ ᠲᠠᠯᠪᠢᠬᠤ ᠶᠢ ᠳᠡᠮᠵᠢᠵᠦ᠂ ᠨᠠᠰᠤᠵᠢᠯ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠳᠡᠭ︔ ᠲᠠᠪᠴᠠᠩ ᠤᠨ ᠪᠠᠶᠢᠭᠤᠯᠤᠮᠵᠢ ᠶᠢᠨ ᠦᠵᠦᠭᠦᠷ ᠨᠢ | ᠭᠡᠷ ᠲᠤ ᠪᠡᠨ ᠰᠠᠭᠤᠬᠤ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ | ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠵᠡᠷᠭᠡ ᠣᠯᠠᠨ ᠵᠦᠢᠯ ᠤᠨ ᠨᠠᠰᠤᠵᠢᠯ ᠤᠨ ᠠᠰᠠᠷᠠᠮᠵᠢ ᠶᠢᠨ ᠵᠠᠭᠪᠤᠷ ᠢ | ᠳᠠᠮᠵᠢᠵᠤ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠳᠤ | ᠣᠶᠤᠨᠴᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠵᠠᠭᠪᠤᠷ ᠢ ᠣᠯᠭᠤᠵᠤ ᠥᠭᠳᠡᠭ︔ ᠲᠠᠪᠴᠠᠩ ᠤᠨ | ᠬᠡᠷᠡᠭᠯᠡᠭᠡᠨ ᠤ ᠦᠵᠦᠭᠦᠷ ᠨᠢ ︽ᠰᠡᠳᠬᠢᠯ ᠠᠮᠤᠷ ᠠᠰᠠᠷᠠᠮᠵᠢ︾᠂ ︽ᠰᠡᠳᠬᠢᠯ ᠠᠮᠤᠷ ᠬᠠᠪᠰᠤᠷᠭ᠎ᠠ︾ APP ᠳᠤ | ᠲᠦᠰᠢᠭᠯᠡᠨ ᠨᠠᠰᠤᠵᠢᠯ ᠤᠨ ᠠᠰᠠᠷᠠᠭᠤᠯᠤᠭᠰᠠᠳ ᠲᠤ ᠲᠤᠰᠬᠠᠶ ᠮᠡᠷᠭᠡᠵᠢᠯ ᠤᠨ ︽ᠨᠢᠭᠡ ᠥᠷᠲᠡᠭᠡ ᠶᠢᠨ ᠬᠤᠳᠠᠯᠳᠤᠨ | ᠠᠪᠤᠯᠲᠠ ᠶᠢᠨ ᠬᠡᠯᠪᠡᠷᠢ︾ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ | ᠨᠠᠰᠤᠲᠠᠶᠢᠴᠤᠳ ᠤᠨ ᠣᠯᠠᠨ ᠬᠡᠮᠵᠢᠯᠳᠦ ᠬᠡᠷᠡᠭᠴᠡᠭᠡ ᠶᠢ ᠬᠠᠩᠭᠠᠳᠠᠭ ᠪᠠᠶᠢᠨ᠎ᠠ᠃ |