ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠩᠨᠡᠨ ᠬᠦᠬᠢᠬᠦᠯᠦᠨ ᠰᠠᠶᠢᠰᠢᠶᠠᠬᠤ ᠬᠤᠷᠠᠯ ᠬᠦᠬᠡᠬᠤᠳᠠ ᠳᠤ ᠬᠤᠷᠠᠯᠳᠤᠪᠠ          ᠪᠦ᠋ ᠰᠢᠶᠤᠤ ᠯᠢᠨ ᠤᠷᠤᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/12/15

     12 ᠰᠠᠷ᠎ᠠ ᠶᠢᠨ 14 ᠤ ᠦᠳᠡ ᠶᠢᠨ ᠡᠮᠦᠨ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠩᠨᠡᠨ ᠬᠦᠬᠢᠬᠦᠯᠦᠨ ᠰᠠᠶᠢᠰᠢᠶᠠᠬᠤ ᠬᠤᠷᠠᠯ ᠬᠦᠬᠡᠬᠤᠳᠠ ᠳᠤ ᠬᠤᠷᠠᠯᠳᠤᠵᠦ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠤᠯᠤᠨ ᠤᠯᠠᠭᠠᠨ ᠰᠠᠷᠠ ᠨᠡᠶᠢᠭᠡᠮᠯᠢᠭ ᠤᠨ ᠤᠯᠠᠨ ᠤᠯᠤᠰ ᠤᠨ ᠬᠤᠯᠪᠤᠭᠠᠳᠦ ᠬᠤᠷᠠᠯ ᠤᠨ ᠵᠡᠬᠦᠨ ᠠᠽᠢᠶ᠎ᠠ ᠶᠢᠨ ᠭᠠᠵᠠᠷ ᠤᠷᠤᠨ ᠤ ᠲᠦᠯᠦᠭᠡᠯᠡᠭᠴᠢᠳ ᠤᠨ ᠭᠠᠵᠠᠷ᠂ ᠠᠽᠢᠶ᠎ᠠ ᠲᠢᠪ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠰᠠᠭᠤᠷᠢ ᠮᠦᠩᠬᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠭᠡᠢ ᠨᠡᠶᠢᠭᠡᠮᠯᠢᠭ ᠠᠴᠠ ᠶᠡᠭᠡ ᠬᠤᠷᠠᠯ ᠳᠤ ᠪᠠᠶᠠᠷ ᠤᠨ ᠵᠠᠬᠢᠳᠠᠯ ᠢᠷᠡᠬᠦᠯᠪᠡ᠂ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ 45 ᠲᠡᠷᠢᠬᠦᠨ ᠤ ᠬᠠᠮᠳᠦ ᠪᠠ 80 ᠲᠡᠷᠢᠬᠦᠨ ᠤ ᠬᠤᠪᠢ ᠬᠦᠮᠦᠨ ᠬᠦᠬᠢᠬᠦᠯᠦᠭᠳᠡᠨ ᠰᠠᠶᠢᠰᠢᠶᠠᠬᠳᠠᠵᠠᠢ᠃


     ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠭᠡᠰᠢᠬᠦᠨ ᠪᠦ᠋ ᠰᠢᠶᠤᠤ ᠯᠢᠨ ᠬᠦᠬᠢᠬᠦᠯᠦᠨ ᠰᠠᠶᠢᠰᠢᠶᠠᠬᠤ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠢᠭᠡᠳᠦᠮᠡᠯ ᠹᠷᠤᠨᠲ ᠤᠨ ᠭᠡᠯᠳᠡᠰ ᠤᠨ ᠳᠠᠷᠤᠭ᠎ᠠ ᠳ᠋ᠤᠸᠠᠨ ᡁᠢ ᠴᠢᠶᠠᠩ ᠬᠤᠷᠠᠯ ᠢ ᠡᠷᠬᠢᠯᠡᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠳᠡᠳ᠋ ᠡᠷᠬᠢᠯᠡᠭᠴᠢ ᠭᠡᠰᠢᠬᠦᠨ ᠡᠸᠦ ᠶᠠᠩ ᠰᠢᠶᠤᠤ ᠬᠤᠢ ᠠᠵᠢᠯᠯᠠᠭ᠎ᠠ ᠦᠷᠨᠢᠬᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠬᠦᠬᠢᠬᠦᠯᠦᠭᠳᠡᠨ ᠰᠠᠶᠢᠰᠢᠶᠠᠬᠳᠠᠭᠰᠠᠨ ᠲᠡᠷᠢᠬᠦᠨ ᠤ ᠬᠠᠮᠳᠦ ᠪᠠ ᠠᠰᠢᠬ ᠬᠦᠷᠳᠡᠭᠰᠡᠨ ᠡᠪᠡᠳᠴᠢᠳᠡᠨ ᠤ ᠲᠦᠯᠦᠭᠡᠯᠡᠭᠴᠢ ᠦᠭᠡ

ᠭᠡᠯᠡᠵᠡᠢ᠃
     ᠪᠦ᠋ ᠰᠢᠶᠤᠤ ᠯᠢᠨ᠂ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠬᠢᠯᠡᠵᠦ ᠭᠡᠷᠡᠭᠵᠢᠬᠦᠯᠦᠭᠰᠡᠨ ᠲᠠᠪᠤᠨ ᠵᠢᠯ ᠤᠨ ᠲᠤᠷᠰᠢ᠂ ᠦᠷᠭᠡᠨ ᠤᠯᠠᠨ ᠬᠠᠯᠠᠭᠤᠨ ᠰᠡᠳᠬᠢᠯᠳᠦ ᠠᠵᠤ ᠠᠬᠤᠢᠢᠯᠠᠯ ᠪᠠ ᠬᠠᠯᠠᠭᠤᠨ ᠰᠡᠳᠬᠢᠯᠳᠦ ᠬᠦᠮᠦᠰ ᠢᠳᠡᠪᠬᠢᠳᠠᠢ ᠤᠷᠤᠯᠴᠠᠵᠦ᠂ ᠪᠤᠳᠠᠳᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠶᠢᠷ᠎ᠠ ᠬᠠᠯᠠᠮᠵᠢ ᠪᠠ ᠡᠨᠡᠷᠢᠩᠬᠦᠢ ᠰᠡᠳᠬᠢᠯ ᠢ ᠳᠠᠮᠵᠢᠭᠤᠯᠵᠠᠢ︔ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠰᠠᠶᠢᠨ ᠳᠤᠷᠠᠴᠤᠳ ᠶᠠᠳᠠᠷᠠᠯ ᠵᠦᠳᠡᠷᠡᠯ ᠢ ᠬᠠᠶᠢᠬᠤᠷᠤᠯ ᠦᠭᠡᠢ᠂ ᠬᠠᠯᠠᠭᠤᠮᠰᠤᠬ ᠢᠶᠠᠷ ᠦᠢᠯᠡᠴᠢᠯᠡᠵᠦ᠂ ᠶᠠᠳᠠᠭᠤ ᠬᠦᠴᠢᠷᠳᠡᠯᠲᠠᠢ ᠴᠠᠭᠠᠨ ᠬᠠᠷᠠᠩ ᠡᠪᠡᠳᠴᠢᠳᠡᠨ ᠢ ᠬᠠᠪᠰᠤᠷᠤᠨ ᠲᠠᠬᠢᠨ ᠬᠠᠷᠠᠭ᠎ᠠ ᠤᠷᠤᠭᠤᠯᠵᠦ᠂ ︽ᠨᠢᠭᠡ ᠬᠦᠮᠦᠨ ᠳᠤ ᠬᠠᠷᠠᠭ᠎ᠠ ᠤᠷᠤᠭᠤᠯᠤᠨ᠂ ᠨᠢᠭᠡ ᠭᠡᠷ ᠢ ᠠᠵᠠ ᠵᠢᠷᠭᠠᠯ ᠲᠠᠢ ᠪᠤᠯᠭᠠᠬᠤ︾ ᠰᠠᠶᠢᠨ ᠰᠠᠶᠢᠬᠠᠨ ᠨᠡᠶᠢᠭᠡᠮ ᠤᠨ ᠦᠷ᠎ᠠ ᠠᠰᠢᠬ ᠢ ᠪᠡᠶᠡᠯᠡᠬᠦᠯᠦᠨ᠂ ᠨᠡᠶᠢᠭᠡᠮ ᠤᠨ ᠬᠦᠴᠦᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠤᠷᠤᠯᠴᠠᠬᠤ ᠠᠮᠵᠢᠯᠳᠠᠳᠠᠢ ᠵᠠᠬᠪᠤᠷ ᠢ ᠬᠠᠶᠢᠨ ᠰᠦᠪᠡᠭᠴᠢᠯᠡᠵᠦ᠂ ᠪᠦᠬᠦ ᠨᠡᠶᠢᠭᠡᠮ ᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠶᠢ ᠤᠯᠬᠤ ᠳᠤ ᠦᠳᠭᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠦᠨ ᠦᠭᠴᠠᠢ᠃ 2018 ᠤᠨ ᠠᠴᠠ ᠡᠬᠢᠯᠡᠵᠦ ᠭᠡᠷᠡᠭᠵᠢᠬᠦᠯᠦᠭᠰᠡᠨ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠨᠢ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ ᠶᠢᠨ ᠤᠢᠢᠯᠠᠭᠠᠭᠳᠠᠬᠤᠨ ᠢ ᠳᠠᠮᠵᠢᠭᠤᠯᠬᠤ᠂ ᠳᠤᠮᠳᠠᠳᠤ ᠮᠤᠩᠭᠤᠯ ᠬᠤᠶᠠᠷ ᠤᠯᠤᠰ ᠤᠨ ᠠᠷᠠᠳ ᠲᠦᠮᠡᠨ ᠤ ᠨᠦᠬᠦᠷᠯᠡᠯ ᠢ ᠵᠤᠵᠠᠭᠠᠳᠬᠠᠬᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠤᠯᠵᠠᠢ ᠭᠡᠵᠦ ᠵᠢᠭᠠᠵᠦ ᠭᠠᠷᠭᠠᠪᠠ᠃


     ᠪᠦ᠋ ᠰᠢᠶᠤᠤ ᠯᠢᠨ᠂ ᠲᠤᠰ ᠤᠳᠠᠭ᠎ᠠ ᠶᠢᠨ ᠳ᠋ᠦᠩᠨᠡᠨ ᠬᠦᠬᠢᠬᠦᠯᠦᠨ ᠰᠠᠶᠢᠰᠢᠶᠠᠬᠤ ᠠᠵᠢᠯᠯᠠᠭ᠎ᠠ ᠪᠠᠷ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠰᠢᠨ᠎ᠠ ᠭᠠᠷᠤᠭ᠎ᠠ ᠪᠤᠯᠭᠠᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠨ᠂ ᠬᠠᠶᠢᠷ᠎ᠠ ᠬᠠᠯᠠᠮᠵᠢ ᠶᠢ ᠳᠠᠮᠵᠢᠭᠤᠯᠵᠦ᠂ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠭᠡᠷᠡᠭᠲᠡᠢ᠃ ᠠᠷᠠᠳ ᠤᠯᠠᠨ ᠤ ᠬᠦᠮᠦᠯᠢᠭ ᠦᠵᠡᠯ ᠤᠨ ᠦᠢᠯᠡᠴᠢᠯᠡᠭᠡᠨ ᠤ ᠰᠢᠨ᠎ᠠ ᠭᠡᠷᠡᠭᠴᠡᠭᠡ ᠶᠢᠨ ᠲᠤᠭᠤᠷᠢᠨ ᠳᠤ᠂ ᠨᠡᠶᠢᠭᠡᠮ ᠤᠨ ᠡᠯ᠎ᠠ ᠡᠳᠡᠭᠡᠳ ᠤᠨ ᠬᠠᠶᠢᠷ᠎ᠠ ᠬᠠᠯᠠᠮᠵᠢ ᠪᠠ ᠬᠦᠴᠦᠨ ᠴᠢᠳᠠᠯ ᠢ ᠬᠦᠢᠴᠡᠳ ᠵᠤᠬᠢᠴᠠᠭᠤᠯᠤᠨ᠂ ᠲᠤᠬᠢᠷᠠᠭᠤᠯᠵᠦ᠂ ᠨᠢᠬᠳᠠᠷᠠᠭᠤᠯᠤᠨ᠂ ᠨᠢᠭᠡ ᠪᠦᠯᠦᠭ ᠬᠦᠮᠦᠯᠢᠭ ᠦᠵᠡᠯ ᠤᠨ ᠠᠪᠤᠷᠠᠨ ᠲᠤᠰᠠᠯᠠᠬᠤ ᠰᠢᠨ᠎ᠠ ᠲᠦᠷᠦᠯ ᠵᠦᠢᠯ ᠢ ᠡᠬᠢᠯᠡᠬᠦᠯᠦᠨ ᠭᠡᠷᠡᠭᠵᠢᠬᠦᠯᠬᠦ ᠭᠡᠷᠡᠭᠲᠡᠢ᠃ ᠤᠯᠠᠨ ᠰᠠᠯᠠᠭ᠎ᠠ ᠮᠦᠴᠢᠷ ᠤᠷᠤᠯᠴᠠᠭᠰᠠᠨ ᠬᠤᠷᠰᠢᠯᠴᠠᠭᠠᠨ ᠤ ᠲᠤᠭᠳᠠᠴᠠ ᠶᠢ ᠪᠠᠶᠢᠭᠤᠯᠵᠦ᠂ ᠨᠢᠳᠤ ᠪᠠᠨ ᠬᠠᠮᠠᠭᠠᠯᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠭᠡᠦᠭᠡᠳ ᠪᠠᠭᠠᠴᠤᠳ᠂ ᠵᠠᠯᠠᠭᠤᠴᠤᠳ ᠤᠨ ᠨᠢᠳᠤ ᠪᠠᠨ ᠡᠷᠡᠬᠦᠯ ᠢᠶᠠᠷ ᠭᠡᠷᠡᠭᠯᠡᠬᠦ᠂ ᠤᠢᠢᠷ᠎ᠠ ᠬᠠᠷᠠᠭ᠎ᠠ ᠶᠢ ᠤᠷᠢᠳᠴᠢᠯᠠᠨ ᠰᠡᠷᠭᠡᠶᠢᠯᠡᠬᠦ ᠶᠢ ᠰᠠᠨᠠᠭᠠᠴᠢᠯᠠᠵᠦ᠂ ᠨᠢᠳᠤᠨ ᠤ ᠡᠷᠡᠬᠦᠯ ᠮᠡᠨᠳᠦ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠭᠡᠷᠡᠭᠲᠡᠢ᠃ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠦ᠂ ᠰᠤᠶᠤᠯ ᠢᠷᠭᠡᠨᠰᠢᠯ ᠤᠨ ᠨᠡᠪᠳᠡᠷᠡᠯᠴᠡᠭᠡ ᠶᠢ ᠠᠬᠢᠭᠤᠯᠬᠤ᠂ ︽ᠲᠤᠷᠭᠠᠨ ᠵᠠᠮ ᠤᠨ ᠠᠵᠤ ᠠᠬᠤᠢ ᠶᠢᠨ ᠪᠦᠰᠡ︾ ᠶᠢ ᠬᠠᠮᠳᠤ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠭᠡᠷᠡᠭᠲᠡᠢ ᠭᠡᠵᠦ ᠴᠢᠬᠤᠯᠠᠴᠢᠯᠠᠪᠠ᠃
     ᠪᠦ᠋ ᠰᠢᠶᠤᠤ ᠯᠢᠨ᠂ ᠦᠷᠭᠡᠨ ᠤᠯᠠᠨ ᠡᠮᠴᠢᠯᠡᠭᠡᠨ ᠤ ᠠᠵᠢᠯᠳᠠᠨ᠂ ᠤᠯᠠᠭᠠᠨ ᠵᠠᠭᠠᠯᠮᠠᠶᠢᠳᠠᠨ ᠤ ᠰᠠᠶᠢᠨ ᠳᠤᠷᠠᠴᠤᠳ ᠡᠷᠬᠢᠮ ᠳᠡᠭᠡᠳᠦ ᠬᠦᠮᠦᠯᠢᠭ ᠦᠵᠡᠯ ᠤᠨ ᠡᠬᠦᠷᠭᠡ ᠬᠠᠷᠢᠭᠤᠴᠠᠯᠭ᠎ᠠ᠂ ᠠᠷᠠᠳ ᠤᠨ ᠲᠦᠯᠦᠭᠡ ᠭᠡᠬᠦ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠦᠷᠭᠡᠨ ᠤᠯᠠᠨ ᠠᠷᠠᠳ ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠭᠡᠷᠡᠭᠲᠡᠢ᠃ ᠡᠯ᠎ᠠ ᠱᠠᠳᠤᠨ ᠤ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠳᠠᠮᠵᠢᠵᠦ᠂ ᠶᠡᠭᠡ ᠪᠠᠷ ᠤᠬᠠᠭᠤᠯᠤᠨ᠂ ᠨᠡᠩ ᠤᠯᠠᠨ ᠨᠡᠶᠢᠭᠡᠮ ᠤᠨ ᠵᠤᠬᠢᠶᠠᠨ ᠪᠠᠶᠢᠭᠤᠯᠤᠯᠳᠠ᠂ ᠠᠵᠤ ᠠᠬᠤᠢᠢᠯᠠᠯ ᠪᠠ ᠬᠤᠪᠢ ᠬᠦᠮᠦᠨ ᠨᠡᠶᠢᠳᠠ ᠶᠢᠨ ᠠᠰᠠᠷᠠᠮᠵᠢ ᠶᠢᠨ ᠦᠢᠯᠡᠰ ᠲᠤ ᠤᠷᠤᠯᠴᠠᠬᠤ ᠶᠢ ᠵᠤᠷᠢᠬᠵᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
     ᠤᠢᠢᠯᠠᠭᠠᠭᠰᠠᠨ ᠢᠶᠠᠷ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ 2015 ᠤᠨ ᠤ 6 ᠰᠠᠷ᠎ᠠ ᠳᠤ ᠡᠬᠢᠯᠡᠵᠦ ᠭᠡᠷᠡᠭᠵᠢᠬᠦᠯᠦᠭᠰᠡᠨ ᠠᠴᠠ ᠨᠠᠭᠠᠰᠢ᠂ ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ 30274 ᠤᠳᠠᠭ᠎ᠠ ᠶᠢᠨ ᠰᠦᠢᠳᠭᠡᠯ ᠬᠤᠷᠢᠶᠠᠬᠤ ᠦᠭᠡᠢ ᠮᠡᠰᠡ ᠵᠠᠰᠠᠯ ᠬᠢᠵᠦ᠂ ᠪᠦᠬᠦ ᠤᠷᠤᠨ ᠤ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠦᠭᠡ ᠶᠢ ᠪᠦᠬᠦᠨ ᠢ ᠬᠠᠮᠤᠷᠴᠠᠢ︔ ᠨᠡᠶᠢᠳᠡ 66.62 ᠲᠦᠮᠡᠨ ᠭᠡᠦᠭᠡᠳ ᠪᠠᠭᠠᠴᠤᠳ ᠵᠠᠯᠠᠭᠤᠴᠤᠳ ᠲᠤ ᠬᠠᠷᠠᠭᠠᠨ ᠰᠡᠷᠡᠯ ᠤᠨ ᠰᠢᠭᠰᠢᠨ ᠪᠠᠶᠢᠴᠠᠭᠠᠯᠳᠠ ᠬᠢᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠤᠢᠢᠷ᠎ᠠ ᠬᠠᠷᠠᠭ᠎ᠠ ᠲᠠᠢ 3903 ᠵᠠᠯᠠᠭᠤᠴᠤᠳ ᠪᠠᠭᠠᠴᠤᠳ ᠲᠤ ᠤᠢᠢᠷ᠎ᠠ ᠬᠠᠷᠠᠭᠠᠨ ᠤ ᠨᠢᠳᠤᠨ ᠰᠢᠯ ᠳᠠᠭᠠᠷᠠᠭᠤᠯᠤᠨ ᠦᠭᠴᠦ᠂ ᠬᠢᠯᠠᠷ ᠬᠠᠷᠠᠭ᠎ᠠ ᠲᠠᠢ 522 ᠭᠡᠦᠭᠡᠳ ᠪᠠᠭᠠᠴᠤᠳ ᠲᠤ ᠵᠠᠯᠠᠷᠠᠭᠤᠯᠬᠤ ᠮᠡᠰᠡ ᠵᠠᠰᠠᠯ ᠬᠢᠵᠦ ᠦᠭᠪᠡ᠃

ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ