ᠱᠢ ᠲᠠᠢ ᠹᠧᠩ ᠦᠪᠡᠷ ᠤᠨ ᠪᠠᠶᠢᠭ᠎ᠠ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠳᠤ ᠤᠷᠤᠯᠴᠠᠬᠰᠡᠨ ᠪᠦᠭᠡᠳ ᠲᠤᠰᠬᠠᠢ ᠰᠡᠳᠦᠪᠳᠤ ᠨᠠᠮ ᠤᠨ ᠬᠢᠴᠢᠶᠠᠯ ᠤᠷᠤᠪᠠ
ᠨᠡᠶᠢᠲᠡᠯᠡᠭᠰᠡᠨ ᠴᠠᠭ᠄
2020/12/15

     12 ᠰᠠᠷ᠎ᠡ ᠶᠢᠨ 14 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠪᠡᠷ ᠤᠨ ᠪᠠᠶᠢᠭ᠎ᠠ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠳᠤ ᠤᠷᠤᠯᠴᠠᠵᠤ᠂ ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠠ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠨᠠᠮ ᠤᠨ ᠡᠬᠦᠷ ᠤᠨ ᠨᠠᠮ ᠤᠨ ᠭᠡᠰᠢᠬᠦᠳ ᠲᠤ ᠨᠠᠮ ᠤᠨ ᠭᠢᠴᠢᠶᠠᠯ ᠤᠷᠤᠬᠰᠡᠨ ᠪᠦᠭᠡᠳ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠠᠯᠪᠡᠨ ᠲᠢᠩᠭᠢᠮ ᠤᠨ

︽ᠭᠤᠷᠪᠡ ᠳᠤ ᠦᠢᠯᠡᠴᠢᠯᠡᠬᠦ︾ ᠠᠵᠢᠯ ᠢ ᠤᠯᠠᠮ ᠴᠢᠨᠠᠬᠰᠢᠳᠠ ᠰᠠᠶᠢᠳᠤᠷ ᠬᠢᠬᠦ ᠲᠤᠬᠠᠢ ᠱᠠᠭᠠᠷᠳᠠᠯᠭ᠎ᠠ ᠲᠤᠷᠠᠳᠪᠠ᠃



     ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠡᠨ ᠲᠢᠩᠭᠢᠮ ᠤᠨ ᠶᠡᠷᠤᠩᠭᠡᠢ ᠨᠢᠭᠡᠳᠤᠭᠡᠷ ᠭᠠᠵᠠᠷ ᠤᠨ ᠨᠠᠮ ᠤᠨ ᠡᠬᠦᠷ ᠤᠨ 3 ᠨᠠᠮ ᠤᠨ ᠭᠡᠰᠢᠬᠦᠨ ᠭᠤᠤᠯ ᠰᠡᠳᠦᠪ ᠤᠨ ᠲᠤᠭᠤᠷᠢᠨ ᠳᠤ᠂ ᠲᠤᠰ ᠪᠡᠶ᠎ᠡ ᠶᠢᠨ ᠦᠵᠡᠯ ᠰᠠᠨᠠᠭ᠎ᠠ᠂ ᠠᠵᠢᠯ᠂ ᠰᠤᠷᠤᠯᠴᠠᠯᠭ᠎ᠠ ᠪᠠ ᠠᠮᠢᠳᠤᠷᠠᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠠᠨᠢᠯᠳᠠ ᠪᠠᠨ ᠶᠠᠷᠢᠯᠴᠠᠨ᠂ ᠤᠯᠤᠯᠳᠠ ᠪᠠᠨ ᠬᠤᠪᠢᠶᠠᠯᠴᠠᠵᠦ᠂ ᠲᠤᠰ ᠲᠤᠰ ᠦᠭᠡ ᠬᠡᠯᠡᠪᠡ᠃ ᠱᠢ ᠲᠠᠢ ᠹᠧᠩ ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠨ᠂ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠤᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠠᠨ ᠲᠠᠢ ᠪᠠᠶᠢᠯ᠎ᠡ᠃
     ᠤᠯᠠᠨ ᠤ ᠶᠠᠷᠢᠬᠤ ᠶᠢ ᠰᠤᠨᠤᠰᠤᠬᠰᠡᠨ ᠤ ᠲᠠᠷᠠᠭ᠎ᠠ᠂ ᠱᠢ ᠲᠠᠢ ᠹᠧᠩ ᠨᠠᠮ ᠤᠨ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ᠂ ᠦᠪᠡᠷᠳᠡᠭᠡᠨ ᠵᠠᠰᠬᠠᠤ ᠤᠷᠤᠨ ᠤ ᠪᠤᠳᠠᠳᠤ ᠪᠠᠶᠢᠳᠠᠯ ᠲᠠᠢ ᠨᠢᠬᠳᠠ ᠤᠶᠠᠯᠳᠤᠭᠤᠯᠤᠨ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠤᠯᠳᠠᠢ ᠲᠦᠯᠦᠪᠵᠢᠬᠦᠯᠬᠦ ᠬᠠᠷᠠᠭᠠᠰᠤ ᠪᠠᠷ ᠭᠤᠤᠯᠳᠠᠭᠤᠯᠵᠦ᠂ ᠦᠪᠤᠷ ᠮᠤᠩᠭᠤᠯ ᠤᠨ ᠤᠯᠤᠰ ᠤᠨ ᠠᠮᠤᠷ ᠲᠦᠪᠰᠢᠨ ᠤ ᠪᠦᠬᠦ ᠲᠠᠯ᠎ᠡ ᠳᠤ ᠦᠢᠯᠡᠴᠢᠯᠡᠬᠦ ᠪᠠ ᠪᠠᠳᠤᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ᠂ ᠴᠢᠬᠤᠯᠠ ᠶᠡᠭᠡ ᠡᠬᠦᠷᠭᠡ ᠬᠠᠷᠢᠭᠤᠴᠠᠯᠭ᠎ᠠ ᠪᠠ ᠴᠢᠬᠤᠯᠠ ᠡᠬᠦᠷᠭᠡ ᠶᠢ ᠰᠢᠰᠲ᠋ᠧᠮ ᠲᠠᠢ ᠲᠠᠶᠢᠯᠪᠤᠷᠢᠯᠠᠵᠤ᠂ ᠤᠯᠠᠨ ᠳᠤ ᠬᠦᠨᠵᠡᠭᠡᠢ ᠪᠦᠭᠡᠳ ᠠᠮᠢᠳᠤᠯᠢᠭ ᠲᠤᠰᠬᠠᠢ ᠰᠡᠳᠦᠪᠳᠤ ᠨᠠᠮ ᠤᠨ ᠬᠢᠴᠢᠶᠠᠯ ᠤᠷᠤᠪᠠ᠃ ᠲᠡᠷᠡ᠂ ︽ᠠᠷᠪᠡᠨ ᠲᠦᠷᠪᠡᠳᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠮᠠᠨ ᠤ ᠤᠯᠤᠰ ᠰᠢᠨ᠎ᠡ ᠬᠦᠭᠵᠢᠯᠳᠠ ᠶᠢᠨ ᠱᠠᠳᠤᠨ ᠳᠤ ᠤᠷᠤᠵᠤ᠂ ᠦᠪᠤᠷ ᠮᠤᠩᠭᠤᠯ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠪᠠᠰᠠ ᠰᠢᠨ᠎ᠡ ᠲᠡᠤᠭᠡᠨ ᠭᠠᠷᠤᠭ᠎ᠠ ᠳᠤ ᠵᠤᠬᠰᠤᠬᠤ ᠪᠤᠯᠤᠨ᠎ᠡ᠂ ᠪᠢᠳᠠ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠪᠠᠶᠢᠳᠠᠯ ᠳᠤ ᠲᠤᠬᠢᠷᠠᠭᠤᠯᠤᠨ ᠲᠤᠬᠳᠠᠭᠠᠬᠰᠡᠨ ᠠᠵᠢᠯᠯᠠᠭᠠᠨ ᠤ ᠬᠦᠳᠤᠯᠪᠤᠷᠢ ᠶᠤᠰᠤᠭᠠᠷ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ ᠡᠬᠦᠨ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠠ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠡᠷᠡᠰ ᠪᠠᠳᠤ ᠴᠤᠬᠴᠠᠯᠠᠨ᠂ ᠤᠯᠤᠰ ᠤᠨ ᠭᠤᠤᠯᠳᠠᠯᠭ᠎ᠠ ᠲᠠᠢ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠰᠠᠭᠤᠷᠢᠨ ᠢ ᠲᠦᠷᠭᠡᠨ ᠪᠦᠳᠦᠭᠡᠨ ᠪᠠᠶᠢᠭᠤᠯᠵᠤ᠂ ᠴᠢᠨᠠᠷ ᠰᠠᠶᠢᠳᠠᠢ ᠬᠦᠭᠵᠢᠯᠳᠠ ᠪᠠ ᠦᠨᠳᠤᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠠᠶᠠᠯᠡᠬᠦᠯᠬᠦ ᠪᠠᠷ ᠴᠢᠷᠮᠠᠶᠢᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠢ ᠪᠦᠬᠦ ᠬᠦᠴᠤᠨ ᠢᠶᠠᠷ ᠢᠶᠠᠨ ᠪᠠᠳᠤᠯᠠᠬᠤ ᠭᠡᠷᠡᠭᠳᠠᠢ᠃ ᠨᠠᠮ ᠤᠨ ᠬᠤᠷᠢᠶᠠᠠ ᠤ ᠠᠯᠪᠠᠠ ᠲᠢᠩᠭᠢᠮ ᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠵᠦ᠂ ᠪᠦᠬᠦ ᠲᠠᠯ᠎ᠠ ᠶᠢᠨ ᠦᠵᠡᠯᠲᠠ ᠶᠢ ᠪᠤᠢ ᠪᠤᠯᠭᠠᠠ᠂ ︽ᠬᠤᠶᠠᠷ ᠶᠡᠭᠡ ᠲᠠᠯ᠎ᠠ︾ ᠶᠢᠨ ᠲᠤᠤᠷ᠎ᠠ ᠬᠦᠭᠵᠢᠯᠲᠠ ᠪᠠ ᠠᠮᠤᠷ ᠲᠦᠪᠰᠢᠨ ᠢ ᠨᠢᠭᠡᠲᠦᠯᠲᠠᠢ ᠲᠦᠯᠦᠪᠵᠢᠭᠦᠯᠬᠦ ᠴᠢᠬᠤᠯᠠ ᠶᠡᠭᠡ ᠠᠴᠢ ᠬᠤᠯᠪᠤᠭᠲᠠᠯ ᠢ ᠬᠦᠨᠵᠡᠭᠡᠢ ᠲᠠᠨᠢᠵᠦ᠂ ᠶᠡᠷᠦᠩᠭᠡᠢ ᠱᠦᠵᠢ ᠰᠢ ᠶᠢᠨ ᠫᠢᠩ ᠤᠨ ᠬᠦᠭᠵᠢᠯᠲᠠ ᠪᠠ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠭᠦᠯᠬᠦ ᠲᠤᠬᠠᠢ ᠴᠢᠬᠤᠯᠠ ᠦᠭᠦᠯᠡᠯᠲᠡ ᠶᠢ ᠬᠦᠨᠵᠡᠭᠡᠢ ᠰᠤᠷᠤᠯᠴᠠᠠ ᠤᠢᠢᠯᠠᠭᠠᠵᠦ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠠᠮᠤᠷ ᠲᠦᠪᠰᠢᠨ ᠤ ᠤᠬᠠᠮᠰᠠᠷ᠂ ᠠᠶᠤᠯ ᠲᠦᠭᠰᠢᠬᠦᠷᠢ ᠶᠢᠨ ᠤᠬᠠᠮᠰᠠᠷ᠂ ᠲᠡᠮᠡᠴᠡᠯ ᠤᠨ ᠤᠬᠠᠮᠰᠠᠷ ᠢᠶᠠᠨ ᠤᠯᠠᠮ ᠴᠢᠨᠠᠭᠰᠢᠲᠠ ᠴᠢᠩᠭᠠᠳᠬᠠᠵᠦ᠂ ᠡᠯ᠎ᠠ ᠲᠠᠯ᠎ᠠ ᠶᠢᠨ ᠠᠮᠤᠷ ᠲᠦᠪᠰᠢᠨ ᠢᠯᠠᠩᠭᠤᠶ᠎ᠠ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ︽ᠭᠤᠷᠪᠠ ᠳᠤ ᠦᠢᠯᠡᠴᠢᠯᠡᠬᠦ︾ ᠪᠤᠲᠠᠲᠠᠢ ᠠᠵᠢᠯ ᠲᠤᠮᠲᠠ ᠪᠠᠨ ᠦᠨᠡᠡ ᠬᠦ ᠨᠠᠶᠢᠲᠠᠪᠤᠷᠢᠵᠢᠭᠤᠯᠬᠤ ᠭᠡᠷᠡᠭᠲᠡᠢ ᠭᠡᠵᠦ ᠬᠡᠯᠡᠪᠡ᠃
     ᠱᠢ ᠲᠠᠢ ᠹᠧᠩ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠠᠯᠪᠠᠠ ᠲᠢᠩᠭᠢᠮ ᠤᠨ ᠠᠵᠢᠯ ᠢ ᠬᠦᠢᠴᠡᠳ ᠨᠤᠲᠠᠯᠠᠵᠠᠢ᠃ ᠲᠡᠷᠡ᠂ ᠨᠠᠮ ᠤᠨ ᠬᠤᠷᠢᠶᠠᠠ ᠤ ᠠᠯᠪᠠᠠ ᠲᠢᠩᠭᠢᠮ ᠪᠤᠯ ᠨᠠᠮ ᠤᠨ ᠬᠤᠷᠢᠶᠠᠠ ᠤ ᠶᠡᠷᠦᠩᠭᠡᠶᠢᠯᠡᠭᠰᠡᠨ ᠰᠠᠯᠠᠭ᠎ᠠ ᠮᠦᠴᠢᠷ ᠪᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠵᠦᠪᠯᠡᠭᠴᠢ ᠲᠤᠰᠠᠯᠠᠭᠴᠢ ᠮᠦᠨ᠂ ᠤᠯᠤᠰ ᠲᠦᠷᠦ ᠶᠢᠨ ᠪᠠᠶᠢᠭᠤᠯᠭ᠎ᠠ᠂ ᠬᠦᠢᠰᠦ ᠪᠠᠶᠢᠭᠤᠯᠭ᠎ᠠ ᠮᠦᠨ᠂ ᠨᠠᠮ ᠤᠨ ᠬᠤᠷᠢᠶᠠᠠ ᠤ ᠠᠯᠪᠠᠠ ᠲᠢᠩᠭᠢᠮ ᠤᠨ ᠺᠠᠳ᠋ᠷ ᠲᠤᠭ ᠲᠡᠮᠲᠡᠭ ᠲᠤᠲᠤᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠬᠦᠨ ᠪᠠᠶᠢᠷᠢᠨ ᠳᠤ ᠲᠠᠯᠪᠢᠵᠦ᠂ ᠨᠠᠮ ᠳᠠᠭᠠᠨ ᠬᠠᠷᠢᠴᠠᠯᠠᠰᠢᠭᠦᠢ ᠦᠨᠡᠡᠴᠢ ᠰᠢᠲᠤᠷᠭᠤ ᠪᠠᠶᠢᠵᠦ᠂ ᠤᠯᠤᠰ ᠲᠦᠷᠦ ᠶᠢᠨ ᠤᠬᠠᠮᠰᠠᠷ ᠪᠤᠯᠤᠨ ᠤᠯᠤᠰ ᠲᠦᠷᠦ ᠶᠢᠨ ᠢᠯᠭᠠᠠ ᠲᠠᠨᠢᠬᠤ ᠴᠢᠲᠠᠪᠤᠷᠢ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠦ᠂ ᠤᠯᠤᠰ ᠲᠦᠷᠦ ᠶᠢᠨ ᠲᠠᠯ᠎ᠠ ᠪᠠᠷ ᠠᠰᠠᠭᠤᠲᠠᠯ ᠢ ᠠᠵᠢᠠᠠᠯᠠᠵᠦ᠂ ᠠᠰᠠᠭᠤᠲᠠᠯ ᠢ ᠵᠠᠳᠠᠯᠵᠦ᠂ ᠠᠰᠠᠭᠤᠲᠠᠯ ᠢ ᠰᠢᠢᠳᠪᠦᠷᠢᠯᠡᠬᠦ ᠳᠡᠭᠡᠨ ᠴᠢᠲᠠᠮᠠᠭᠠᠢ ᠪᠠᠶᠢᠵᠦ᠂ ᠢᠮᠠᠭᠲᠠ ᠤᠯᠤᠰ ᠲᠦᠷᠦ ᠶᠢᠨ ᠲᠠᠯ᠎ᠠ ᠪᠠᠷ ᠮᠡᠷᠭᠡᠡ ᠬᠦᠮᠦᠨ ᠪᠤᠯᠵᠦ᠂ ︽ᠬᠤᠶᠠᠷ ᠢ ᠬᠠᠮᠠᠭᠠᠯᠠᠬᠤ︾ ᠵᠦᠭᠯᠡᠭᠦᠷ᠂ ᠲᠦᠷᠭᠡᠳᠭᠡᠭᠦᠷ᠂ ᠰᠠᠬᠢᠬᠴᠢ᠂ ᠬᠢᠨᠠᠭᠴᠢ ᠪᠤᠯᠬᠤ ᠭᠡᠷᠡᠭᠲᠡᠢ᠃ ᠴᠠᠭᠠᠷᠠᠭᠰᠠᠠ ᠡᠷᠲᠡᠮ ᠴᠢᠲᠠᠪᠤᠷᠢ ᠪᠤᠯᠤᠨ ᠰᠤᠷᠲᠠᠯ ᠢᠶᠠᠷ ᠨᠠᠶᠢᠲᠠᠪᠤᠷᠢᠵᠢᠭᠤᠯᠤᠯᠲᠠ ᠶᠢ ᠠᠳᠬᠤᠵᠦ᠂ ᠨᠠᠮ ᠤᠨ ᠲᠦᠪ ᠬᠤᠷᠢᠶᠠᠠ ᠤ ᠴᠢᠬᠤᠯᠠ ᠶᠡᠭᠡ ᠲᠦᠯᠦᠪᠵᠢᠭᠦᠯᠭᠡ᠂ ᠴᠢᠬᠤᠯᠠ ᠶᠡᠭᠡ ᠪᠠᠶᠢᠷᠢᠰᠢᠭᠤᠯᠤᠯᠲᠠ ᠪᠠ ᠴᠢᠬᠤᠯᠠ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠬᠦᠨᠵᠡᠭᠡᠢ ᠤᠢᠢᠯᠠᠭᠠᠠ ᠡᠵᠡᠮᠲᠡᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠠ ᠤᠢᠢᠯᠠᠭᠠᠵᠦ᠂ ᠶᠡᠭᠡ ᠲᠠᠯ᠎ᠠ ᠪᠠᠷ ᠴᠢᠩᠭ᠎ᠠ ᠭᠤᠤᠯᠲᠠᠭᠤᠯᠤᠨ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠳᠤ ᠬᠠᠮᠵᠢᠵᠦ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ᠂ ᠨᠠᠮ ᠤᠨ ᠲᠦᠪ ᠬᠤᠷᠢᠶᠠᠠ ᠤ ᠡᠯ᠎ᠠ ᠵᠦᠢᠯ ᠤᠨ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠦᠪᠦᠷ ᠮᠤᠩᠭᠤᠯ ᠳᠤ ᠪᠤᠲᠠᠲᠠᠢ ᠨᠢᠮᠪᠠᠢ ᠨᠠᠶᠢᠲᠠᠪᠤᠷᠢᠵᠢᠭᠤᠯᠬᠤ ᠶᠢ ᠪᠠᠲᠤᠯᠠᠬᠤ ᠭᠡᠷᠡᠭᠲᠡᠢ᠃ ᠲᠡᠭᠡᠳᠦ ᠬᠡᠮᠵᠢᠶ᠎ᠡ ᠪᠠᠷ ᠬᠠᠷᠢᠭᠤᠴᠠᠬᠤ᠂ ᠴᠢᠩᠭ᠎ᠠ ᠨᠢᠮᠪᠠᠢ ᠤᠪᠤᠷ ᠢᠶᠠᠷ ᠡᠬᠦᠷᠭᠡ ᠨᠢᠭᠡᠪᠦᠷᠢ ᠪᠠᠨ ᠰᠠᠶᠢᠲᠤᠷ ᠪᠡᠶᠡᠯᠡᠭᠦᠯᠵᠦ᠂ ᠲᠡᠭᠡᠲᠦ ᠬᠡᠮᠵᠢᠶᠠᠠ ᠤ ᠬᠠᠷᠢᠭᠤᠴᠠᠯᠭᠠᠲᠦ ᠤᠬᠠᠮᠰᠠᠷ ᠢ ᠪᠤᠢ ᠪᠤᠯᠭᠠᠵᠦ᠂ ᠪᠠᠳᠤ ᠴᠢᠩᠭ᠎ᠠ ᠬᠠᠷᠢᠭᠤᠴᠠᠯᠭ᠎ᠠ ᠡᠬᠦᠷᠭᠡᠯᠡᠯ ᠢ ᠪᠠᠳᠤᠯᠠᠵᠦ᠂ ᠡᠯ᠎ᠠ ᠵᠦᠢᠯ ᠤᠨ ᠠᠵᠢᠯ ᠢᠶᠠᠨ ᠦᠴᠦᠭᠡᠡ ᠴᠤ ᠤᠰᠤᠯᠲᠠᠯ ᠦᠭᠡᠢ᠂ ᠨᠢᠭᠲᠠ ᠠᠴᠠ ᠨᠢᠭᠲᠠ ᠰᠠᠶᠢᠠ ᠬᠢᠬᠦ ᠬᠡᠷᠡᠭᠲᠡᠢ᠃ ᠬᠠᠷᠠᠮ ᠦᠭᠡᠢ ᠬᠤᠪᠢ ᠨᠡᠮᠡᠷᠢ ᠦᠵᠡᠭᠦᠯᠵᠦ᠂ ᠠᠷᠢᠭᠤᠨ ᠴᠢᠭᠡᠴᠢ ᠪᠠᠷ ᠨᠡᠶᠢᠲᠡ ᠶᠢᠨ ᠲᠦᠯᠦᠭᠡ ᠵᠢᠳᠭᠦᠵᠦ᠂ ᠦᠢᠯᠡᠲᠦᠯᠭᠡ ᠲᠤᠮᠲᠠ ᠬᠡᠪ ᠴᠢᠨᠠᠷ ᠢᠶᠠᠨ ᠲᠠᠪᠲᠠᠵᠦ᠂ ᠡᠷᠴᠢ ᠵᠤᠷᠢᠭ ᠢᠶᠠᠨ ᠪᠤᠯᠪᠠᠰᠤᠷᠠᠭᠤᠯᠤᠨ᠂ ᠡᠷᠲᠠᠮ ᠴᠢᠲᠠᠪᠤᠷᠢ ᠪᠠᠨ ᠨᠡᠮᠡᠭᠲᠡᠭᠦᠯᠵᠦ᠂ ︽ᠭᠤᠷᠪᠠ ᠳᠤ ᠦᠢᠯᠡᠴᠢᠯᠡᠬᠦ︾ ᠠᠵᠢᠯ ᠲᠤᠮᠲᠠ ᠬᠤᠷᠢᠭ᠎ᠠ ᠱᠤᠭᠤᠮ ᠢ ᠰᠠᠬᠢᠵᠦ᠂ ᠭᠠᠪᠢᠶ᠎ᠠ ᠵᠢᠳᠬᠦᠯ ᠭᠠᠷᠭᠠᠬᠤ ᠭᠡᠷᠡᠭᠲᠡᠢ ᠭᠡᠵᠦ ᠬᠡᠯᠡᠪᠡ᠃
     ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠤᠤ ᠴᠦᠨ ᠤᠷᠤᠯᠴᠠᠵᠦ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠠᠯᠪᠠᠠ ᠲᠢᠩᠭᠢᠮ ᠤᠨ ᠤᠳᠤᠷᠢᠳᠬᠤ ᠪᠠᠭ ᠤᠨ ᠪᠦᠷᠢᠯᠳᠦᠬᠦᠨ ᠪᠤᠯᠤᠨ ᠡᠯ᠎ᠠ ᠭᠠᠵᠠᠷ ᠲᠠᠰᠤᠭ ᠨᠢᠭᠡᠴᠢ ᠶᠢᠨ ᠨᠠᠮ ᠤᠨ ᠡᠭᠦᠷ ︵ᠶᠡᠷᠦᠩᠭᠡᠢ ᠡᠭᠦᠷ︶ ᠤᠨ ᠱᠦᠵᠢ ᠬᠤᠷᠠᠯ ᠳᠤ ᠰᠤᠯᠠ ᠤᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ