ᠲᠦᠩᠯᠢᠶᠣᠤ ᠬᠤᠲᠠ 41.69 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ
ᠨᠡᠶᠢᠲᠡᠯᠡᠭᠰᠡᠨ ᠴᠠᠭ᠄
2020/12/16

     ᠥᠨᠦᠬᠡᠨ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤᠨ ᠤ ᠬᠥᠳᠡᠯᠮᠦᠷᠢ ᠦᠢᠯᠡᠴᠢᠯᠡᠭᠡᠨ ᠤ ᠲᠥᠪ ᠲᠤ ᠬᠦᠷᠪᠡᠯ᠂ ᠡᠯᠧᠺᠲᠷᠣᠨ ᠳᠡᠯᠭᠡᠴᠡ ᠳᠡᠭᠡᠷ᠎ᠡ ᠡᠯ᠎ᠡ ᠲᠥᠷᠥᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠ ᠠᠵᠢᠯ ᠡᠷᠢᠭᠴᠢᠳ ᠤᠨ ᠰᠤᠷᠠᠭ ᠵᠠᠩᠭᠢ ᠶᠢ ᠴᠠᠭ ᠲᠤᠬᠠᠶ ᠳᠤ ᠨᠢ ᠨᠡᠪᠲᠡᠷᠡᠭᠦᠯᠵᠦ ᠪᠠᠶᠢᠭᠰᠠᠨ ᠪᠠ  ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠠᠳᠠᠯᠤᠯᠲᠠ᠂ ᠠᠵᠢᠯ ᠲᠥᠷᠥᠯ ᠤᠨ ᠠᠵᠢᠯ ᠤᠨ ᠪᠠᠶᠢᠷᠢ ᠶᠢᠨ ᠲᠠᠷᠬᠠᠯᠲᠠ᠂ ᠠᠵᠢᠯ ᠣᠯᠭᠤᠯᠲᠠ ᠶᠢᠨ ᠪᠠᠶᠢᠳᠠᠯ ᠵᠡᠷᠭᠡ ᠲᠤᠭ᠎ᠠ ᠪᠠᠷᠢᠮᠲᠠ ᠶᠢ ᠲᠣᠪ ᠲᠣᠳᠣᠷᠬᠠᠶ ᠦᠵᠡᠨ ᠭᠠᠷᠴᠤ ᠪᠠᠶᠢᠯ᠎ᠠ᠃
     ᠲᠣᠰ ᠪᠠᠯᠭᠠᠰᠤ ᠨᠢ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠬᠤ ᠪᠠ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠶᠡᠬᠡᠩᠬᠢ ᠬᠡᠰᠡᠭ ᠭᠠᠵᠠᠷ ᠰᠢᠷᠣᠶ ᠶᠢ ᠲᠥᠪᠯᠡᠷᠡᠭᠦᠯᠦᠨ ᠡᠷᠭᠢᠯᠲᠡ ᠳᠤ  ᠣᠷᠤᠭᠤᠯᠤᠭᠰᠠᠨ ᠢᠶᠠᠷ᠂ ᠦᠯᠡᠭᠦᠤ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠭᠤᠤᠯᠳᠠᠯᠭ᠎ᠠ ᠪᠣᠯᠪᠠ᠃ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠰᠢᠨ ᠳ᠋ᠡ ᠬᠠᠢ ᠲᠠᠨᠢᠯᠴᠠᠭᠤᠯᠬᠤ ᠳᠤ ᠪᠠᠨ᠂ ᠪᠠᠯᠭᠠᠰᠤᠨ ᠤ ᠦᠯᠡᠭᠦᠦ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠯᠲᠠ ᠶᠢ ᠠᠬᠢᠭᠤᠯᠬᠤ ᠶᠢᠨ ᠲᠤᠯᠠᠳᠠ᠂ ᠡᠨᠡ ᠵᠢᠯ ᠤᠨ 4 ᠳ᠋ᠦ᠋ᠭᠡᠷ ᠰᠠᠷ᠎ᠠ ᠳᠤ᠂ ᠲᠤᠬᠠᠶ ᠶᠢᠨ ᠭᠠᠵᠠᠷ ᠲᠤ ᠬᠦᠳᠡᠯᠮᠦᠷᠢ ᠬᠦᠴᠦᠨ ᠢ ᠭᠠᠳᠠᠭᠰᠢ ᠭᠠᠷᠭᠠᠬᠤ ᠨᠡᠶᠢᠭᠡᠮᠯᠢᠭ ᠪᠠᠶᠢᠭᠤᠯᠵᠤ᠂ ᠬᠥᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠡᠯ᠎ᠡ ᠲᠣᠰᠬᠤᠨ ᠤ ᠬᠥᠳᠡᠯᠮᠦᠷᠢ ᠬᠦᠴᠦᠨ ᠢ ᠡᠷᠬᠢᠯᠡᠨ ᠡᠵᠡᠩᠨᠡᠭᠴᠢ ᠲᠠᠢ ᠬᠠᠮᠲᠤᠷᠠᠨ

︽ᠦᠢᠯᠡᠴᠢᠯᠡᠭᠡᠨ ᠤ ᠪᠦᠯᠬᠦᠮ︾᠎ ᠢ ᠪᠠᠶᠢᠭᠤᠯᠤᠭᠠᠳ᠂ ᠮᠠᠯᠴᠢᠨ ᠲᠠᠷᠢᠶᠠᠴᠢᠳ ᠲᠤ ᠪᠦᠬᠦ ᠤᠯᠤᠰ ᠤᠨ ᠡᠯ᠎ᠡ ᠭᠠᠵᠠᠷ ᠲᠤ ᠲᠣᠬᠢᠷᠠᠮᠵᠢᠲᠠᠢ ᠠᠵᠢᠯ ᠢ ᠡᠷᠢᠵᠦ ᠥᠭᠪᠡ ᠭᠡᠯ᠎ᠡ᠃
     ᠦᠢᠯᠡᠴᠢᠯᠡᠭᠡᠨ ᠤ ᠲᠥᠪ ᠨᠢ ᠮᠡᠳᠡᠭᠡ ᠵᠠᠩᠭᠢ ᠶᠢ ᠰᠢᠭᠰᠢᠨ ᠪᠠᠶᠢᠴᠠᠭᠠᠬᠤ ᠲᠣᠭᠲᠠᠴᠠ ᠪᠠᠷ ᠳᠠᠮᠵᠢᠨ

︽ᠠᠵᠢᠯ ᠤᠨ ᠪᠠᠶᠢᠷᠢ ᠶᠢᠨ ᠬᠠᠩᠭᠠᠯᠭ᠎ᠠ ᠶᠢᠨ ᠲᠣᠪᠶᠤᠭ︾᠎ ᠢ ᠪᠤᠢ ᠪᠣᠯᠭᠠᠬᠤ ᠶᠢᠨ ᠳᠠᠭᠠᠤ ᠨᠥᠬᠦᠴᠡᠯ ᠳᠤ ᠨᠡᠶᠢᠴᠡᠭᠰᠡᠨ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠬᠥᠮᠦᠰ ᠢ ᠵᠣᠬᠢᠶᠠᠨ ᠪᠠᠶᠢᠭᠤᠯᠵᠤ᠂ ᠳᠣᠬᠢᠷᠠᠯᠴᠠᠭᠰᠠᠨ ᠮᠡᠷᠭᠡᠵᠢᠯ ᠤᠨ ᠪᠣᠯᠪᠠᠰᠤᠷᠠᠭᠤᠯ ᠳᠤ ᠣᠷᠤᠯᠴᠠᠭᠤᠯᠤᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠭᠡᠳ᠂ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠨᠠᠷᠢᠯᠢᠭ ᠣᠨᠣᠴᠠᠲᠠᠶ ᠪᠠᠷ ᠵᠣᠬᠢᠴᠠᠭᠤᠯᠬᠤ ᠶᠢ ᠪᠡᠶᠡᠯᠡᠭᠦᠯᠵᠡᠢ᠃ ᠣᠳᠣ ᠪᠣᠯᠬᠤ ᠳᠤ᠂ ᠪᠦᠬᠦ ᠪᠠᠯᠭᠠᠰᠤ 12480 ᠬᠥᠳᠡᠯᠮᠦᠷᠢ ᠬᠦᠴᠦᠨ ᠢ ᠭᠠᠳᠠᠭᠰᠢ ᠭᠠᠷᠭᠠᠨ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 0.75 ᠲᠦᠮᠡᠨ ᠲᠥᠭᠦᠷᠢᠭ ᠨᠡᠮᠡᠭᠳᠡᠭᠦᠯᠦᠯ᠎ᠡ᠃ ᠲᠠᠷᠢᠶᠠᠴᠢᠳ ᠤᠨ ᠣᠷᠣᠯᠭ᠎ᠠ ᠶᠢᠨ 30%᠎ ᠠᠴᠠ ᠳᠡᠭᠡᠭᠰᠢᠬᠢ ᠨᠢ ᠬᠥᠳᠡᠯᠮᠦᠷᠢ ᠬᠦᠴᠦᠨ ᠤ ᠭᠠᠷᠭᠠᠯᠭ᠎ᠠ ᠠᠴᠠ ᠢᠷᠡᠯᠲᠡ ᠲᠠᠢ ᠶᠤᠮ᠃
     ᠡᠨᠡ ᠪᠣᠯ ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ ᠦᠯᠡᠭᠦᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠬᠥᠲᠥᠯᠥᠨ ᠵᠢᠯᠤᠭᠤᠳᠤᠭᠰᠠᠨ ᠪᠠ ᠵᠣᠬᠢᠶᠠᠨ ᠪᠠᠶᠢᠭᠤᠯᠤᠭᠠᠳ᠂ ᠮᠠᠯᠴᠢᠨ ᠲᠠᠷᠢᠶᠠᠴᠢᠳ ᠤ ᠣᠷᠤᠯᠭ᠎ᠠ ᠶᠢᠨ ᠨᠡᠮᠡᠭᠳᠡᠯ ᠢ ᠠᠭᠢᠭᠤᠯᠤᠭᠰᠠᠨ ᠤ ᠨᠢᠭᠡᠨ ᠬᠤᠷᠢᠶᠠᠩᠭᠤᠢ ᠳᠥᠷᠢ ᠮᠥᠨ᠃
     ᠲᠦᠩᠯᠢᠶᠣᠤ ᠬᠤᠲᠠ ᠪᠣᠯ ᠥᠪᠡᠷᠲᠡᠭᠡᠨ ᠵᠠᠰᠠᠬᠤ ᠣᠷᠣᠨ ᠳᠤ ᠬᠥᠮᠦᠨ ᠠᠮᠠ ᠶᠢᠨ ᠲᠤᠭ᠎ᠠ ᠪᠠᠷ ᠬᠤᠶᠠᠳᠤᠭᠠᠷ ᠲᠤ ᠵᠢᠭᠰᠠᠬᠤ ᠬᠤᠲᠠ ᠪᠣᠯᠬᠤ ᠪᠥᠭᠡᠳ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠵᠤᠵᠠᠭᠠᠨ ᠪᠠᠶᠢᠳᠠᠭ᠃  ᠣᠷᠴᠢᠮ ᠤᠨ ᠵᠢᠯ᠂ ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

︽ᠲᠦᠩᠯᠢᠶᠣᠤ ᠬᠤᠲᠠ ᠶᠢᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2020 — 2022 ᠣᠨ︶︾ ᠵᠢᠴᠢ ᠲᠡᠭᠦᠨ ᠯᠦᠭᠡ ᠢᠵᠢ ᠪᠥᠷᠢᠳᠦᠭᠰᠡᠨ ᠠᠵᠢᠯ ᠤᠨ ᠬᠤᠪᠢᠶᠠᠷᠢᠯᠠᠯ ᠤᠨ ᠲᠥᠰᠦᠯ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠭᠡᠳ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠭᠢᠭᠤᠯᠪᠠ᠃ ᠬᠤᠲᠠ ᠬᠤᠰᠢᠭᠤ ᠬᠤᠶᠠᠷ ᠱᠠᠲᠤᠨ ᠳᠤ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠦᠢᠯᠡᠴᠢᠯᠡᠭᠡᠨ ᠤ ᠲᠥᠪ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠨᠡᠶᠢᠭᠡᠮᠯᠢᠭ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠷᠬᠢᠯᠡᠨ ᠡᠵᠡᠩᠨᠡᠭᠴᠢ ᠶᠢᠨ ᠡᠩᠨᠡᠭᠡ ᠶᠢ ᠪᠠᠶᠢᠭᠤᠯᠤᠨ ︽ᠵᠠᠰᠠᠭ ᠤᠨ ᠣᠷᠳᠣᠨ + ᠨᠡᠶᠢᠭᠡᠮᠯᠢᠭ + ᠡᠷᠬᠢᠯᠡᠨ ᠡᠵᠡᠩᠨᠡᠭᠴᠢ + ᠬᠥᠳᠡᠯᠮᠦᠷᠢᠴᠢᠨ︾ ᠳᠥᠷᠪᠡ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠭᠠᠳ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠳᠤ ᠨᠢ ︽ᠪᠥᠬᠦ ᠬᠡᠯᠬᠢᠶᠡᠲᠦ︾ ᠦᠢᠯᠡᠳᠦᠯᠬᠡ ᠬᠠᠩᠭᠠᠵᠠᠢ᠃ ᠣᠷᠣᠨ ᠪᠦᠰᠡ ᠶᠢᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠴᠢᠩᠭᠠᠳᠬᠠᠨ᠂ ᠮᠤᠵᠢ ᠠᠯᠤᠰᠯᠠᠨ ᠪᠡᠭᠡᠵᠢᠩ ᠤᠨ ᠱᠦᠨ ᠢ ᠲᠣᠭᠤᠷᠢᠭ᠂ ᠭᠢᠷᠢᠨ ᠤ ᠴᠠᠩᠴᠦ᠋ᠨ ᠬᠤᠲᠠ᠂ ᠭᠤᠸᠠᠩᠳᠦ᠋ᠩ ᠾᠦᠢ ᠵᠧᠤ ᠬᠤᠲᠠ᠂ ᠵᠧᠵᠢᠶᠠᠩ ᠤᠨ ᠬᠤᠵᠸᠤ ᠶᠢᠨ ᠠᠨ ᠵᠢᠶ ᠰᠢᠶᠠᠨ᠂ ᠱᠠᠨᠳᠦ᠋ᠩ ᠤᠨ ᠴᠢᠩᠳᠣᠤ ᠶᠢᠨ ᠲᠡᠯᠡᠶ ᠶᠢᠨ ᠪᠠᠷᠠᠭᠤᠨ ᠡᠷᠭᠢ ᠶᠢᠨ ᠰᠢᠨ᠎ᠡ ᠲᠣᠭᠤᠷᠢᠭ᠂ ᠸᠧᠶ ᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ 10 ᠰᠢᠶᠠᠨ ᠬᠤᠲᠠ ᠲᠣᠭᠤᠷᠢᠭ ᠲᠠᠢ ᠬᠥᠳᠡᠯᠮᠦᠷᠢ ᠦᠢᠯᠡᠴᠢᠯᠡᠭᠡᠨ ᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢᠨ ᠬᠠᠷᠢᠴᠠᠭ᠎ᠠ ᠪᠠᠶᠢᠭᠤᠯᠵᠠᠢ᠃ ᠲᠡᠷᠡᠴᠢᠯᠡᠨ᠂ ᠲᠡᠳᠡᠭᠡᠷ ᠤᠨ ᠳᠣᠲᠣᠷᠠᠬᠢ 6 ᠭᠠᠵᠠᠷ ᠣᠷᠣᠨ ᠳᠤ ᠬᠥᠳᠡᠯᠮᠦᠷᠢ ᠦᠢᠯᠡᠴᠢᠯᠡᠭᠡᠨ ᠤ ᠥᠷᠲᠡᠭᠡ ᠴᠡᠭ ᠭᠠᠷᠭᠠᠨ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠰᠢᠨ᠎ᠡ ᠠᠷᠭ᠎ᠠ ᠵᠠᠮ ᠢ ᠨᠡᠭᠡᠭᠡᠵᠦ᠂ ᠮᠥᠷᠳᠡᠨ ᠦᠢᠯᠡᠴᠢᠯᠡᠬᠦ ᠰᠢᠨ᠎ᠡ ᠲᠠᠪᠴᠠᠩ ᠢ ᠪᠤᠢ ᠪᠣᠯᠭᠠᠪᠠ᠃ ︽ᠤᠷᠢᠬᠠᠨ ᠰᠠᠯᠬᠢᠨ ᠤ ᠠᠵᠢᠯᠯᠠᠭ᠎ᠠ︾᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠢ ᠵᠣᠯᠭᠠᠭᠤᠯᠬᠤ ᠪᠠ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠬᠥᠳᠡᠯᠮᠦᠷᠢ ᠬᠦᠴᠦᠨ ᠢ ᠵᠣᠯᠭᠠᠭᠤᠯᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠬᠦ᠂ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠩᠭᠡᠭᠡᠨ ᠠᠪᠴᠤ ᠠᠵᠢᠯ ᠣᠯᠭᠤᠵᠠᠢ᠃ ᠰᠢᠨ᠎ᠡ ᠨᠢᠭᠡ ᠦᠶ᠎ᠡ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ᠂ ᠭᠡᠷ ᠠᠬᠤᠢ ᠶᠢᠨ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠠᠭᠢᠭᠤᠯᠪᠠ᠃ ᠣᠨᠴᠠᠯᠢᠭᠲᠤ ᠳᠠᠪᠠᠭᠤᠯᠢᠭ ᠠᠵᠤ ᠦᠢᠯᠡᠰ ᠲᠤ ᠲᠦᠰᠢᠭᠯᠡᠨ᠂ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠲᠥᠷᠥᠯ ᠵᠦᠢᠯ ᠢ ᠬᠡᠷᠡᠭᠵᠢᠭᠦᠯᠦᠭᠡᠳ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠪᠠ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠵᠣᠷᠢᠭᠵᠢᠭᠤᠯᠤᠨ ᠳᠠᠮᠵᠢᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠳᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃
     ᠥᠨᠦ ᠪᠣᠯᠬᠤ ᠳᠤ᠂ ᠲᠦᠩᠯᠢᠶᠣᠤ ᠬᠤᠲᠠ 41.69 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ 32.59 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ ᠲᠣᠭᠲᠠᠪᠤᠷᠢᠵᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ